ᠶᠣᠰᠣ ᠰᠣᠷᠳᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠤ ᠲᠡᠷᠢᠭᠦᠨ ᠤ ᠦᠢᠯᠡ ᠠᠵᠢᠯᠯᠠᠭ᠎ᠠ ᠶᠢ | ᠤᠯᠠᠮ ᠨᠢᠭᠡ ᠠᠯᠬᠤᠮ ᠤᠬᠠᠭᠤᠯᠤᠨ ᠰᠤᠷᠤᠯᠴᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠦᠯᠢᠭᠡᠷ | ᠳᠠᠭᠤᠷᠢᠶᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠦᠯᠦᠭᠡ᠂ ᠡᠨᠡ ᠵᠢᠯ ᠤᠨ | 5 ᠰᠠᠷ᠎ᠠ ᠠᠴᠠ ᠡᠬᠢᠯᠡᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠪᠣᠯᠪᠠᠰᠤᠨ ᠤ | ᠪᠠᠶᠢᠭᠤᠯᠤᠯᠳᠠ ᠶᠢᠨ ᠠᠯᠪᠠᠨ ᠬᠡᠷ ᠪᠥᠬᠦ ᠬᠤᠲᠠ ᠶᠢᠨ ᠬᠡᠪᠴᠢᠶᠡᠨ ᠳᠤ 2020 ᠣᠨ ᠤ ᠶᠣᠰᠣ ᠰᠤᠷᠲᠠᠬᠤᠨ ᠤ | ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠤ ᠦᠨᠳᠦᠰᠦᠨ ᠱᠠᠲᠤᠨ ᠳᠤ ᠲᠣᠭᠤᠷᠢᠨ ᠶᠠᠷᠢᠬᠤ ᠠᠵᠢᠯᠯᠠᠭ᠎ᠠ ᠶᠢ | ᠦᠷᠨᠢᠬᠦᠯᠪᠡ᠃ | 7 ᠰᠠᠷ᠎ᠠ ᠶᠢᠨ 21 ᠤ ᠡᠳᠦᠷ᠂ ᠤᠬᠠᠭᠤᠯᠤᠨ ᠲᠠᠶᠢᠯᠪᠤᠷᠢᠯᠠᠬᠤ ᠪᠦᠯᠬᠦᠮ ᠬᠠᠶᠢᠪᠸᠢ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠲᠤ ᠬᠥᠷᠪᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠪᠣᠷᠣᠭᠵᠢᠭᠤᠨ | ᠦᠭᠡ ᠬᠡᠯᠡ᠂ ᠠᠮᠢᠳᠤᠯᠢᠭ ᠪᠣᠳᠠᠲᠤ ᠵᠢᠱᠢᠶ᠎ᠡ ᠪᠠᠷ ᠥᠪᠡᠷ ᠤᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠵᠢᠯ | ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ ᠦᠯᠢᠭᠡᠷ ᠢᠶᠠᠨ ᠶᠠᠷᠢᠵᠠᠢ᠃ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠤ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠭᠰᠠᠨ ᠦᠢᠯᠡ | ᠶᠠᠪᠤᠳᠠᠯ ᠨᠢ ᠦᠵᠡᠭᠴᠢᠳ ᠤᠨ ᠰᠡᠳᠬᠢᠯ ᠢ ᠬᠥᠳᠡᠯᠭᠡᠵᠦ᠂ ᠲᠤᠬᠠᠢ ᠶᠢᠨ ᠲᠠᠯᠠᠪᠠᠢ ᠳᠤ ᠪᠠᠶᠢᠨ ᠪᠠᠶᠢᠨ ᠠᠯᠠᠭ᠎ᠠ | ᠲᠠᠰᠢᠬᠤ ᠳᠠᠭᠤᠨ ᠨᠢᠵᠢᠭᠢᠨᠡᠪᠡ᠃ |