ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠤᠯᠤᠳᠤᠭᠠᠷ ᠬᠤᠷᠠᠯ ᠠᠴᠠ ᠵᠠᠰᠠᠪᠤᠷᠢ ᠤᠷᠤᠭᠤᠯᠤᠭᠰᠠᠨ ︽ᠬᠦᠳᠡᠭᠡ | ᠲᠤᠰᠬᠤᠨ ᠤ ᠭᠠᠵᠠᠷ ᠰᠢᠷᠦᠢ ᠶᠢᠨ ᠳᠠᠭᠠᠭᠠᠴᠢᠯᠠᠯᠲᠠ ᠶᠢᠨ ᠬᠠᠤᠯᠢ︾ ᠶᠢ ᠪᠠᠲᠤᠯᠠᠵᠤ᠂ ᠬᠤᠲᠠ ᠤᠷᠤᠭᠰᠠᠨ ᠮᠠᠯᠴᠢᠨ | ᠲᠠᠷᠢᠶᠠᠴᠢᠨ ᠤ ᠭᠠᠵᠠᠷ ᠰᠢᠷᠦᠢ ᠳᠠᠭᠠᠭᠠᠴᠢᠯᠠᠬᠤ ᠡᠷᠬᠡ ᠶᠢᠨ ᠲᠤᠬᠠᠢ ᠴᠢᠬᠤᠯᠠ ᠳᠣᠭᠳᠠᠭᠠᠯ ᠭᠠᠷᠭᠠᠵᠠᠢ᠃ | ᠲᠤᠬᠠᠢᠢᠯᠠᠪᠠᠯ᠂ ᠭᠠᠵᠠᠷ ᠰᠢᠷᠦᠢ ︵ᠨᠤᠲᠤᠭ ᠪᠡᠯᠴᠢᠭᠡᠷ︶ ᠳᠠᠭᠠᠭᠠᠴᠢᠯᠠᠭᠰᠠᠨ ᠮᠠᠯᠴᠢᠨ ᠳᠠᠷᠢᠶᠠᠴᠢᠨ ᠡᠷᠦᠭᠡ | ᠬᠤᠲᠠ ᠳᠤ ᠡᠷᠦᠬᠡ ᠠᠮᠠ ᠪᠠᠨ ᠰᠢᠯᠵᠢᠭᠦᠯᠪᠡᠯ᠂ ᠲᠤᠰᠬᠤᠨ ︵ᠭᠠᠴᠠᠭ᠎ᠠ︶ ᠤ ᠲᠠᠯ᠎ᠠ ᠠᠴᠠ ᠳᠠᠭᠠᠭᠠᠴᠢᠯᠠᠭᠰᠠᠨ | ᠭᠠᠵᠠᠷ ᠰᠢᠷᠦᠢ ᠶᠢ ᠨᠢ ᠪᠤᠴᠠᠭᠠᠨ ᠠᠪᠬᠤ ᠪᠠᠷ ᠱᠠᠭᠠᠷᠳᠠᠬᠤ ᠡᠷᠬᠡ ᠦᠭᠡᠢ ᠪᠤᠯᠤᠭᠰᠠᠨ ᠪᠦᠭᠡᠳ ᠡᠮᠡᠭᠲᠡᠶᠢᠴᠤᠳ ᠴᠤ | ᠠᠳᠠᠯᠢᠬᠠᠨ ᠭᠠᠵᠠᠷ ᠰᠢᠷᠦᠢ ᠳᠠᠭᠠᠭᠠᠴᠢᠯᠠᠬᠤ ᠡᠷᠬᠡ ᠠᠰᠢᠭ ᠢ ᠬᠦᠷᠳᠡᠨ᠎ᠡ᠃ | ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ | ᠳᠠᠭᠠᠭᠠᠴᠢᠯᠠᠯᠲᠠ ᠶᠢᠨ ᠬᠠᠤᠯᠢ︾ ᠳᠤ᠄ ᠭᠠᠵᠠᠷ ᠰᠢᠷᠦᠢ ᠳᠠᠭᠠᠭᠠᠴᠢᠯᠠᠬᠤ ᠡᠷᠬᠡ ᠪᠠᠨ ᠪᠤᠴᠠᠭᠠᠬᠤ ᠶᠢ ᠮᠠᠯᠴᠢᠨ | ᠲᠠᠷᠢᠶᠠᠴᠢᠨ ᠤ ᠬᠤᠲᠠ ᠤᠷᠤᠬᠤ ᠨᠦᠬᠦᠴᠡᠯ ᠪᠤᠯᠭᠠᠵᠤ ᠪᠤᠯᠬᠤ ᠦᠭᠡᠢ︔ ᠮᠠᠯᠴᠢᠨ ᠲᠠᠷᠢᠶᠠᠴᠢᠨ ᠬᠤᠲᠠ ᠳᠤ ᠡᠷᠦᠭᠡ | ᠠᠮᠠ ᠪᠠᠨ ᠰᠢᠯᠵᠢᠭᠦᠯᠪᠡᠯ᠂ ᠶᠠᠮᠠᠷ ᠬᠤᠲᠠ ᠳᠤ ᠤᠴᠢᠭᠰᠠᠨ ᠴᠤ ᠭᠡᠰᠡᠨ ᠭᠠᠵᠠᠷ ᠰᠢᠷᠦᠢ ᠳᠠᠭᠠᠭᠠᠴᠢᠯᠠᠬᠤ | ᠬᠤᠭᠤᠴᠠᠭᠠᠨ ᠳᠤ ᠲᠠᠳᠠᠨ ᠤ ᠭᠠᠵᠠᠷ ᠰᠢᠷᠦᠢ ᠶᠢ ᠨᠢ ᠪᠤᠴᠠᠭᠠᠨ ᠠᠪᠴᠤ ᠪᠤᠯᠬᠤ ᠦᠭᠡᠢ ᠭᠡᠵᠦ ᠳᠣᠭᠳᠠᠭᠠᠵᠠᠢ᠃ | ᠨᠢᠭᠡ ᠯᠡ ᠦᠭᠡ ᠪᠠᠷ ᠬᠡᠯᠡᠪᠡᠯ᠂ ᠡᠷᠦᠭᠡ ᠠᠮᠠ ᠨᠢ ᠬᠠᠮᠢᠭ᠎ᠠ ᠪᠠᠶᠢᠭᠰᠠᠨ ᠴᠤ ᠳᠠᠭᠠᠭᠠᠴᠢᠯᠠᠭᠰᠠᠨ ᠭᠠᠵᠠᠷ ᠰᠢᠷᠦᠢ ᠪᠠᠨ | ᠪᠤᠴᠠᠭᠠᠬᠤ ᠡᠰᠡᠬᠦ ᠶᠢ ᠪᠦᠷ ᠮᠠᠯᠴᠢᠨ ᠲᠠᠷᠢᠶᠠᠴᠢᠨ ᠦᠪᠡᠷ ᠢᠶᠠᠨ ᠲᠤᠭᠲᠠᠭᠠᠨ᠎ᠠ᠂ ᠰᠠᠶᠢᠨ ᠳᠤᠷ᠎ᠠ ᠠᠴᠠ ᠪᠠᠨ | ᠪᠤᠴᠠᠭᠠᠬᠤ ᠪᠤᠯ ᠲᠠᠷᠢᠭᠦᠨ ᠴᠢᠬᠤᠯᠠ ᠨᠦᠬᠦᠴᠡᠯ ᠪᠤᠯᠤᠨ᠎ᠠ᠃ | ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ | ᠳᠠᠭᠠᠭᠠᠴᠢᠯᠠᠯᠲᠠ ᠶᠢᠨ ᠬᠠᠤᠯᠢ︾ ᠳᠤ ᠮᠠᠯᠴᠢᠨ ᠲᠠᠷᠢᠶᠠᠴᠢᠨ ᠳᠠᠭᠠᠭᠠᠴᠢᠯᠠᠭᠰᠠᠨ ᠭᠠᠵᠠᠷ ᠰᠢᠷᠦᠢ ᠪᠠᠨ ᠭᠤᠷᠪᠠᠨ | ᠵᠦᠢᠯ ᠤᠨ ᠠᠷᠭ᠎ᠠ ᠪᠠᠷ ᠰᠢᠢᠳᠪᠦᠷᠢᠯᠡᠵᠤ ᠪᠤᠯᠤᠨ᠎ᠠ ᠭᠡᠵᠤ ᠲᠤᠭᠲᠠᠭᠠᠵᠠᠢ᠃ | ᠨᠢᠭᠡ ᠳᠤ᠂ ᠰᠠᠶᠢᠨ ᠳᠤᠷ᠎ᠠ ᠠᠴᠠ ᠪᠠᠨ ᠲᠦᠯᠦᠪᠦᠷᠢ ᠠᠪᠬᠤ ᠵᠠᠷᠴᠢᠮ ᠢᠶᠠᠷ ᠭᠠᠵᠠᠷ ᠰᠢᠷᠦᠢ ᠳᠠᠭᠠᠭᠠᠴᠢᠯᠠᠬᠤ | ᠡᠷᠬᠡ ᠪᠠᠨ ᠲᠤᠰᠬᠤᠨ ︵ᠭᠠᠴᠠᠭ᠎ᠠ︶ ᠤ ᠪᠠᠨ ᠪᠤᠰᠤᠳ ᠮᠠᠯᠴᠢᠨ ᠲᠠᠷᠢᠶᠠᠴᠢᠨ ᠳᠤ ᠪᠦᠷᠢᠮᠦᠰᠤᠨ ᠰᠢᠯᠵᠢᠭᠦᠯᠦᠨ | ᠦᠭᠴᠦ ᠪᠤᠯᠤᠨ᠎ᠠ᠃ | ᠬᠤᠶᠠᠷ ᠲᠤ᠂ ᠳᠠᠭᠠᠭᠠᠴᠢᠯᠠᠭᠰᠠᠨ ᠭᠠᠵᠠᠷ ᠰᠢᠷᠦᠢ ᠪᠠᠨ ᠰᠠᠨᠠᠭᠠᠴᠢᠯᠠᠭ᠎ᠠ ᠠᠴᠠ ᠪᠠᠨ ᠬᠠᠮᠲᠤ ᠨᠡᠶᠢᠲᠡ ᠳᠤ | ᠪᠤᠴᠠᠭᠠᠵᠤ᠂ ᠬᠠᠮᠲᠤ ᠨᠡᠶᠢᠲᠡ ᠠᠴᠠ ᠵᠤᠬᠢᠬᠤ ᠨᠦᠬᠦᠪᠦᠷᠢ ᠠᠪᠴᠤ ᠪᠤᠯᠤᠨ᠎ᠠ᠃ | ᠭᠤᠷᠪᠠ ᠳᠤ᠂ ᠬᠡᠷᠪᠡ ᠰᠠᠨᠠᠭ᠎ᠠ ᠠᠮᠠᠷ ᠦᠭᠡᠢ ᠪᠤᠯ᠂ ᠳᠠᠭᠠᠭᠠᠴᠢᠯᠠᠬᠤ ᠡᠷᠬᠡ ᠪᠠᠨ ᠦᠯᠡᠳᠡᠭᠡᠵᠤ᠂ ᠡᠵᠡᠩᠨᠡᠬᠦ | ᠡᠷᠬᠡ ᠪᠠᠨ ᠪᠤᠰᠤᠳ ᠲᠤ ᠰᠢᠯᠵᠢᠭᠦᠯᠦᠨ ᠦᠭᠴᠦ ᠪᠤᠯᠤᠨ᠎ᠠ᠃ | ᠡᠨᠡ ᠭᠤᠷᠪᠠᠨ ᠵᠦᠢᠯ ᠤᠨ ᠬᠡᠯᠪᠡᠷᠢ ᠶᠢ ᠮᠠᠯᠴᠢᠨ ᠲᠠᠷᠢᠶᠠᠴᠢᠨ ᠦᠪᠡᠷ ᠢᠶᠠᠨ ᠰᠤᠩᠭᠤᠵᠤ ᠪᠤᠯᠤᠨ᠎ᠠ᠂ ᠤᠷᠢᠳᠡᠯ | ᠨᠦᠬᠦᠴᠡᠯ ᠨᠢ ᠡᠷᠬᠡᠪᠰᠢ ᠭᠠᠵᠠᠷ ᠰᠢᠷᠦᠢ ᠳᠠᠭᠠᠭᠠᠴᠢᠯᠠᠭᠰᠠᠨ ᠬᠤᠭᠤᠴᠠᠭᠠᠨ ᠳᠤ ᠪᠠᠶᠢᠬᠤ ᠬᠡᠷᠡᠭᠲᠡᠢ᠃ ᠶᠠᠮᠠᠷ ᠪᠠᠶᠢᠳᠠᠯ | ᠳᠤᠤᠷ᠎ᠠ ᠴᠤ ᠭᠡᠰᠡᠨ ᠲᠤᠰᠬᠤᠨ ︵ᠭᠠᠴᠠᠭ᠎ᠠ︶ ᠤ ᠬᠠᠮᠲᠤ ᠨᠡᠶᠢᠲᠡ ᠠᠴᠠ ᠮᠠᠯᠴᠢᠨ ᠲᠠᠷᠢᠶᠠᠴᠢᠨ ᠤ | ᠳᠠᠭᠠᠭᠠᠴᠢᠯᠠᠭᠰᠠᠨ ᠭᠠᠵᠠᠷ ᠰᠢᠷᠦᠢ ᠶᠢ ᠠᠯᠪᠠᠳᠠᠯᠭ᠎ᠠ ᠪᠠᠷ ᠪᠤᠴᠠᠭᠠᠨ ᠠᠪᠴᠤ ᠪᠤᠯᠬᠤ ᠦᠭᠡᠢ᠂ ᠰᠠᠶᠢᠨ | ᠲᠤᠷ᠎ᠠ ᠠᠴᠠ ᠪᠠᠨ ᠪᠠᠶᠢᠬᠤ ᠪᠤᠯ ᠬᠠᠮᠤᠭ ᠤᠨ ᠴᠢᠬᠤᠯᠠ ᠵᠠᠷᠴᠢᠮ ᠪᠣᠯᠣᠨ᠎ᠠ᠃ ᠡᠭᠦᠨ ᠠᠴᠠ ᠭᠠᠳᠠᠨ᠎ᠠ ᠬᠠᠤᠯᠢ | ᠲᠤᠭᠲᠠᠭᠠᠬᠤ ᠪᠠᠶᠢᠭᠤᠯᠭ᠎ᠠ ᠡᠮᠡᠭᠲᠡᠶᠢᠴᠤᠳ ᠤᠨ ᠭᠠᠵᠠᠷ ᠰᠢᠷᠦᠢ ᠳᠠᠭᠠᠭᠠᠴᠢᠯᠠᠬᠤ ᠡᠷᠬᠡ ᠶᠢ ᠲᠦᠢᠯ ᠢᠶᠠᠷ | ᠴᠢᠬᠤᠯᠠᠴᠢᠯᠠᠨ ᠦᠵᠡᠵᠤ ᠬᠠᠮᠠᠭᠠᠯᠠᠪᠠ᠃ | ᠵᠠᠰᠠᠪᠤᠷᠢ ᠤᠷᠤᠭᠤᠯᠬᠤ ᠠᠴᠠ ᠡᠮᠦᠨᠡᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ | ᠳᠠᠭᠠᠭᠠᠴᠢᠯᠠᠯᠲᠠ ᠶᠢᠨ ᠬᠠᠤᠯᠢ︾ ᠶᠢᠨ ᠭᠤᠴᠢᠨ ᠨᠢᠭᠡᠳᠦᠭᠡᠷ ᠵᠦᠢᠯ ᠳᠤ᠄ ᠭᠠᠵᠠᠷ ᠰᠢᠷᠦᠢ ᠳᠠᠭᠠᠭᠠᠴᠢᠯᠠᠭᠰᠠᠨ | ᠬᠤᠭᠤᠴᠠᠭᠠᠨ ᠳᠤ ᠡᠮᠡᠭᠲᠡᠶᠢᠴᠤᠳ ᠬᠡᠷᠪᠡ ᠬᠤᠷᠢᠮᠯᠠᠵᠤ ᠮᠤᠷᠳᠠᠭᠰᠠᠨ ᠰᠢᠨ᠎ᠠ ᠰᠠᠭᠤᠭ᠎ᠠ ᠭᠠᠵᠠᠷ ᠲᠠᠭᠠᠨ ᠭᠠᠵᠠᠷ | ᠰᠢᠷᠦᠢ ᠳᠠᠭᠠᠭᠠᠴᠢᠯᠠᠵᠤ ᠤᠯᠤᠭᠰᠠᠨ ᠦᠭᠡᠢ ᠪᠤᠯ ᠤᠤᠯ ᠤᠨ ᠳᠠᠭᠠᠭᠠᠴᠢᠯᠠᠭᠰᠠᠨ ᠭᠠᠵᠠᠷ ᠰᠢᠷᠦᠢ ᠶᠢ ᠨᠢ ᠪᠤᠴᠠᠭᠠᠨ | ᠠᠪᠴᠤ ᠪᠤᠯᠬᠤ ᠦᠭᠡᠢ᠃ ᠬᠡᠷᠪᠡ ᠡᠮᠡᠭᠲᠡᠶᠢᠴᠤᠳ ᠤᠷᠤᠭ ᠰᠠᠯᠬᠤ ᠪᠤᠶᠤ ᠬᠠᠨᠢ ᠨᠦᠬᠦᠷ ᠢᠶᠠᠨ ᠠᠯᠳᠠᠭᠰᠠᠨ ᠤ | ᠳᠠᠷᠠᠭ᠎ᠠ ᠮᠦᠨ ᠯᠡ ᠤᠤᠯ ᠤᠨ ᠰᠠᠭᠤᠭ᠎ᠠ ᠭᠠᠵᠠᠷ ᠲᠠᠭᠠᠨ ᠠᠮᠢᠳᠤᠷᠠᠬᠤ᠂ ᠡᠰᠡᠭᠦᠯ᠎ᠠ ᠲᠡᠨᠳᠡ ᠠᠮᠢᠳᠤᠷᠠᠬᠤ ᠦᠭᠡᠢ | ᠴᠤ ᠭᠡᠰᠡᠨ ᠰᠢᠨ᠎ᠠ ᠰᠠᠭᠤᠭ᠎ᠠ ᠭᠠᠵᠠᠷ ᠲᠠᠭᠠᠨ ᠭᠠᠵᠠᠷ ᠰᠢᠷᠦᠢ ᠳᠠᠭᠠᠭᠠᠴᠢᠯᠠᠵᠤ ᠤᠯᠤᠭᠰᠠᠨ ᠦᠭᠡᠢ ᠪᠤᠯ ᠤᠤᠯ ᠤᠨ | ᠳᠠᠭᠠᠭᠠᠴᠢᠯᠠᠭᠰᠠᠨ ᠭᠠᠵᠠᠷ ᠰᠢᠷᠦᠢ ᠶᠢ ᠨᠢ ᠮᠦᠨ ᠪᠤᠴᠠᠭᠠᠨ ᠠᠪᠴᠤ ᠪᠤᠯᠬᠤ ᠦᠭᠡᠢ ᠭᠡᠵᠦ ᠳᠣᠳᠣᠷᠬᠠᠢ | ᠳᠣᠭᠳᠠᠭᠠᠵᠠᠢ᠃ | ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠬᠦᠳᠡᠭᠡ ᠲᠤᠰᠬᠤᠨ ᠤ ᠭᠠᠵᠠᠷ ᠰᠢᠷᠦᠢ ᠶᠢᠨ | ᠳᠠᠭᠠᠭᠠᠴᠢᠯᠠᠯᠲᠠ ᠶᠢᠨ ᠬᠠᠤᠯᠢ︾ ᠳᠤ ᠳᠤᠤᠷᠠᠬᠢ ᠬᠤᠶᠠᠷ ᠲᠤᠭᠲᠠᠭᠠᠯ ᠢ ᠨᠡᠮᠡᠵᠤ ᠤᠷᠤᠭᠤᠯᠪᠠ᠄ | ᠨᠢᠭᠡ ᠳᠤ᠂ ᠭᠡᠷ ᠪᠦᠯᠢ ᠶᠢᠨ ᠪᠦᠷᠢᠯᠳᠦᠬᠦᠨ ᠭᠠᠵᠠᠷ ᠰᠢᠷᠦᠢ ᠳᠠᠭᠠᠭᠠᠴᠢᠯᠠᠬᠤ ᠡᠯ᠎ᠠ ᠵᠦᠢᠯ ᠤᠨ ᠡᠷᠬᠡ | ᠠᠰᠢᠭ ᠢ ᠬᠠᠤᠯᠢ ᠶᠤᠰᠤᠭᠠᠷ ᠡᠷᠬᠡ ᠲᠡᠭᠰᠢ ᠪᠠᠷ ᠬᠦᠷᠲᠡᠬᠦ ᠡᠷᠬᠡ ᠲᠠᠢ᠃ | ᠬᠤᠶᠠᠷ ᠲᠤ᠂ ᠭᠠᠵᠠᠷ ᠰᠢᠷᠦᠢ ᠳᠠᠭᠠᠭᠠᠴᠢᠯᠠᠨ ᠡᠵᠡᠩᠨᠡᠬᠦ ᠡᠷᠬᠡ ᠶᠢ ᠪᠦᠷᠢᠳᠬᠡᠨ ᠳᠠᠩᠰᠠᠯᠠᠵᠤ᠂ ᠨᠤᠲᠠᠯᠠᠨ | ᠲᠤᠭᠲᠠᠭᠠᠵᠤ ᠦᠨᠡᠮᠯᠡᠯ ᠤᠯᠭᠤᠬᠤ ᠬᠡᠷᠡᠭᠲᠡᠢ᠂ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠤᠶᠤ ᠤᠢ | ᠰᠢᠭᠤᠢ ᠶᠢᠨ ᠡᠷᠬᠡ ᠶᠢᠨ ᠦᠨᠡᠮᠯᠡᠯ ᠤᠯᠭᠤᠬᠤ ᠦᠶ᠎ᠠ ᠳᠤ ᠮᠠᠯᠴᠢᠨ ᠳᠠᠷᠢᠶᠠᠴᠢᠨ ᠡᠷᠦᠬᠡ ᠶᠢᠨ ᠭᠡᠷ ᠪᠦᠯᠢ ᠶᠢᠨ | ᠪᠦᠷᠢᠯᠳᠦᠬᠦᠨ ᠢ ᠴᠦᠮ ᠳᠠᠩᠰᠠᠯᠠᠵᠤ ᠲᠡᠮᠳᠡᠭᠯᠡᠬᠦ ᠬᠡᠷᠡᠭᠲᠡᠢ ᠭᠡᠵᠦ ᠳᠣᠭᠳᠠᠭᠠᠵᠠᠢ᠃ ᠡᠨᠡ ᠬᠤᠶᠠᠷ ᠲᠤᠭᠲᠠᠭᠠᠯ ᠤᠨ | ᠨᠢᠭᠡ ᠭᠤᠤᠯ ᠵᠤᠷᠢᠯᠭ᠎ᠠ ᠪᠤᠯ ᠡᠮᠡᠭᠲᠡᠶᠢᠴᠤᠳ ᠤᠨ ᠭᠠᠵᠠᠷ ᠰᠢᠷᠦᠢ ᠳᠠᠭᠠᠭᠠᠴᠢᠯᠠᠬᠤ ᠡᠷᠬᠡ ᠠᠰᠢᠭ ᠢ ᠬᠠᠮᠠᠭᠠᠯᠠᠬᠤ ᠶᠢᠨ | ᠲᠦᠯᠦᠭᠡ ᠶᠤᠮ᠃ ᠢᠡᠭᠭᠢᠪᠡᠯ ᠡᠮᠡᠭᠲᠡᠶᠢᠴᠤᠳ ᠬᠤᠶᠢᠰᠢᠳᠠ ᠦᠪᠡᠷ ᠤᠨ ᠭᠠᠵᠠᠷ ᠰᠢᠷᠦᠢ ᠳᠠᠭᠠᠭᠠᠴᠢᠯᠠᠬᠤ ᠡᠷᠬᠡ | ᠠᠰᠢᠭ ᠢᠶᠠᠨ ᠬᠠᠤᠯᠢ ᠶᠣᠰᠣᠭᠠᠷ ᠨᠡᠩ ᠰᠠᠶᠢᠨ ᠬᠠᠮᠠᠭᠠᠯᠠᠵᠤ ᠴᠢᠳᠠᠬᠤ ᠪᠤᠯᠤᠨ᠎ᠠ᠃ |