ᠬᠤᠲᠠ ᠶᠢᠨ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020-07-06

     7 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮᠴᠢ ᠴᠢᠨᠠᠷ ᠤᠨ ᠬᠥᠮᠦᠵᠢᠯ

ᠦᠢᠯᠡᠳᠦᠯᠭᠡ ᠶᠢᠨ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ

ᠱᠦᠵᠢ ᠱᠢ ᠸᠠᠨ ᠵᠢᠶᠦ᠋ᠨ ᠪᠠᠶᠠᠷ ᠤᠨ ᠦᠭᠡ ᠬᠡᠯᠡᠭᠰᠡᠨ ᠪᠥᠭᠡᠳ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ

᠂ ᠬᠤᠲᠠ ᠶᠢᠨ ᠳᠠᠷᠤᠭ᠎ᠠ ᠲᠠᠩ ᠢ ᠲᠠᠢ ᠬᠠᠮᠲᠤ ᠪᠠᠷ ᠬᠤᠲᠠ ᠶᠢᠨ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ

ᠲᠥᠪ ᠤᠨ ᠫᠠᠶᠢᠰᠠ ᠶᠢ ᠰᠡᠬᠦᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠡᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠣ᠋ ᠵᠥᠩ ᠱᠧᠩ

᠂ ᠸᠠᠩ ᠵᠣᠣ ᠱᠧᠩ᠂ ᠬᠤ᠋ ᠱᠠᠨ ᠱᠦᠨ᠂ ᠯᠦᠸᠧ ᠵᠢᠶᠦ᠋ᠨ ᠶᠤᠸᠠᠨ᠂ ᠾᠦᠸᠧ ᠵᠧᠨ ᠭᠦᠸᠧ᠂ ᠳ᠋ᠧᠩ ᠺᠠᠶ ᠨᠠᠷ

ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ

ᠳᠠᠷᠤᠭ᠎ᠠ ᠹᠧᠩ ᠰᠢᠤᠸᠠᠢ ᠲᠤᠤ ᠬᠤᠷᠠᠯ ᠡᠷᠭᠢᠯᠡᠪᠡ᠃

     ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ

ᠲᠥᠪ ᠤᠨ ᠫᠠᠶᠢᠰᠠ ᠡᠯᠭᠦᠭᠰᠡᠨ ᠠᠵᠢᠯᠯᠠᠭ᠎ᠠ ᠪᠣᠯ ᠮᠠᠨ ᠤ ᠬᠤᠲᠠ ᠶᠢᠨ ᠨᠠᠮ ᠪᠠᠶᠢᠭᠤᠯᠤᠭᠳᠠᠭᠰᠠᠨ 99 ᠵᠢᠯ ᠤᠨ

ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢᠨ ᠨᠢᠭᠡᠨ ᠴᠢᠬᠤᠯᠠ ᠠᠭᠤᠯᠭ᠎ᠠ ᠪᠣᠯᠤᠨ᠎ᠠ᠃ ᠮᠥᠨ ᠴᠦ ᠨᠠᠮ ᠤᠨ

ᠪᠠᠶᠢᠭᠤᠯᠤᠯᠲᠠ ᠶᠢ ᠴᠢᠩᠭᠠᠳᠬᠠᠵᠤ᠂ ᠨᠠᠮᠴᠢ ᠴᠢᠨᠠᠷ ᠤᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ

ᠨᠢᠭᠡᠨ ᠲᠣᠮᠣ ᠶᠠᠪᠤᠳᠠᠯ᠂ ᠪᠠᠶᠠᠷ ᠤᠨ ᠶᠠᠪᠤᠳᠠᠯ ᠪᠣᠯᠤᠨ᠎ᠠ᠂ ᠮᠠᠨ ᠤ ᠬᠤᠲᠠ ᠶᠢᠨ ᠨᠠᠮᠴᠢ ᠴᠢᠨᠠᠷ ᠤᠨ ᠬᠥᠮᠦᠵᠢᠯ ᠢ

ᠪᠠᠶᠢᠩᠭᠤᠵᠢᠭᠤᠯᠤᠨ ᠳᠦᠷᠢᠮᠵᠢᠭᠦᠯᠬᠦ ᠳᠤ ᠰᠢᠨ᠎ᠡ ᠲᠠᠪᠴᠠᠩ᠂ ᠭᠤᠣᠯ ᠵᠢᠭᠰᠠᠭᠠᠯ ᠤᠨ ᠭᠠᠵᠠᠷ ᠬᠠᠩᠭᠠᠵᠤ᠂ ᠨᠠᠮᠴᠢ

ᠴᠢᠨᠠᠷ ᠤᠨ ᠬᠥᠮᠦᠵᠢᠯ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠮᠠᠨ ᠤ ᠬᠤᠲᠠ ᠶᠢᠨ

ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ ᠬᠡᠵᠡᠢ᠃

     ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠣᠳᠣᠬᠠᠨ ᠳᠤ᠂ ᠮᠠᠨ ᠤ ᠬᠤᠲᠠ ᠶᠠᠭ ᠪᠠᠶᠢᠭᠠᠯᠢ ᠶᠢᠨ ᠠᠮᠢ

ᠠᠬᠤᠶ ᠶᠢ ᠰᠠᠶᠢᠵᠢᠷᠠᠭᠤᠯᠬᠤ᠂ ᠠᠮᠢ ᠠᠬᠤᠶ ᠶᠢ ᠰᠢᠯᠢᠳᠡᠭᠵᠢᠭᠦᠯᠦᠨ ᠬᠥᠭᠵᠢᠭᠦᠯᠬᠦ᠂ ᠤᠯᠤᠰ ᠲᠥᠷᠥ ᠶᠢᠨ ᠠᠮᠢ

ᠠᠬᠤᠶ ᠶᠢ ᠴᠡᠪᠡᠷᠰᠢᠭᠦᠯᠬᠦ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠨᠠᠮᠴᠢ ᠴᠢᠨᠠᠷ ᠤᠨ ᠬᠥᠮᠦᠵᠢᠯ ᠢ ᠦᠨᠡᠨ ᠬᠦ

ᠰᠠᠶᠢᠲᠤᠷ ᠠᠳᠬᠤᠵᠤ᠂ ᠪᠦᠬᠦ ᠬᠤᠲᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ

ᠣᠷᠭᠢᠯᠤᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠨᠢ ᠨᠠᠩ ᠴᠢᠬᠤᠯᠠ ᠶᠤᠮ᠃ ᠪᠦᠬᠦ ᠬᠤᠲᠠ ᠶᠢᠨ

ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮᠴᠢ ᠴᠢᠨᠠᠷ ᠤᠨ ᠬᠥᠮᠦᠵᠢᠯ ᠢ ᠴᠢᠩᠭᠠᠳᠬᠠᠬᠤ ᠶᠠᠪᠤᠳᠠᠯ ᠢ

ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠨᠠᠮᠴᠢ

ᠴᠢᠨᠠᠷ ᠤᠨ ᠬᠥᠮᠦᠵᠢᠯ ᠤᠨ ᠡᠬᠢ ᠪᠠᠶᠠᠯᠢᠭ ᠢ ᠰᠠᠶᠢᠲᠤᠷ ᠪᠦᠭᠡᠳ ᠠᠮᠢᠳᠤᠯᠢᠭ ᠬᠡᠷᠡᠭᠯᠡᠵᠦ᠂ ᠰᠢᠨᠵᠢᠯᠡᠬᠦ ᠤᠬᠠᠭᠠᠨᠴᠢ

ᠪᠥᠭᠡᠳ ᠪᠦᠲᠦᠮᠵᠢᠲᠡᠶ ᠨᠠᠮᠴᠢ ᠴᠢᠨᠠᠷ ᠤᠨ ᠬᠥᠮᠦᠵᠢᠯ ᠤᠨ ᠠᠷᠭ᠎ᠠ ᠵᠠᠮ ᠢ ᠰᠣᠳᠣᠯᠣᠨ ᠰᠦᠪᠡᠭᠴᠢᠯᠡᠵᠦ᠂ ᠨᠠᠮᠴᠢ

ᠴᠢᠨᠠᠷ ᠤᠨ ᠬᠥᠮᠦᠵᠢᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠ ᠪᠢᠰᠢᠷᠡᠭᠦᠯᠬᠦ ᠬᠦᠴᠦᠨ ᠢ ᠦᠨᠡᠨ ᠬᠦ

ᠴᠢᠩᠭᠠᠳᠬᠠᠬᠤ ᠬᠡᠷᠡᠭᠳᠡᠢ᠃ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠤᠨ ᠬᠤᠲᠠ ᠶᠢᠨ

ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠡᠯ᠎ᠡ ᠲᠥᠷᠥᠯ ᠤᠨ ᠨᠠᠮᠴᠢ ᠴᠢᠨᠠᠷ ᠤᠨ ᠰᠤᠷᠭᠠᠨ ᠬᠥᠮᠦᠵᠢᠯ ᠤᠨ ᠡᠬᠢ

ᠪᠠᠶᠠᠯᠢᠭ ᠢ ᠬᠦᠢᠴᠡᠳ ᠨᠡᠶᠢᠯᠡᠬᠦᠯᠦᠨ ᠠᠰᠢᠭᠯᠠᠵᠤ᠂ ᠬᠤᠲᠠ ᠶᠢᠨ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ

ᠲᠥᠪ ᠢᠶᠠᠷ ᠭᠤᠣᠯᠳᠠᠯᠭ᠎ᠠ ᠪᠣᠯᠭᠠᠵᠤ᠂ ᠬᠥᠮᠦᠵᠢᠯ ᠤᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠷᠠᠭᠤᠯᠵᠤ᠂

ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠤᠨ᠂ ᠬᠥᠮᠦᠵᠢᠯ ᠤᠨ ᠬᠡᠯᠪᠡᠷᠢ ᠶᠢ ᠥᠷᠭᠡᠳᠬᠡᠵᠦ᠂ ᠬᠥᠮᠦᠵᠢᠯ ᠤᠨ

ᠦᠷ᠎ᠡ ᠪᠦᠲᠦᠮᠵᠢ ᠶᠢ ᠴᠢᠩᠭᠠᠷᠠᠭᠤᠯᠤᠨ᠂ ᠦᠬᠠᠶ ᠶᠢᠨ ᠣᠨᠴᠠᠯᠢᠭ ᠲᠠᠢ ᠬᠤᠪᠢᠰᠬᠠᠯᠲᠤ ᠬᠥᠮᠦᠵᠢᠯ ᠤᠨ ᠨᠠᠷᠠᠲᠤ

ᠲᠥᠷᠥᠯ ᠲᠡᠮᠳᠡᠭᠲᠦ ᠶᠢ ᠴᠢᠷᠮᠠᠶᠢᠨ ᠪᠠᠶᠢᠭᠤᠯᠬᠤ ᠬᠡᠷᠡᠭᠳᠡᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ

ᠤᠬᠠᠮᠰᠠᠷ ᠠᠴᠠ ᠪᠠᠨ ᠨᠠᠮᠴᠢ ᠴᠢᠨᠠᠷ ᠤᠨ ᠪᠣᠯᠪᠠᠰᠤᠷᠠᠯ ᠪᠠ ᠨᠠᠮᠴᠢ ᠴᠢᠨᠠᠷ ᠤᠨ ᠲᠠᠪᠳᠠᠯᠳᠠ ᠪᠠᠨ ᠴᠢᠩᠭᠠᠳᠬᠠᠵᠤ᠂ ᠡᠪ

ᠬᠠᠮᠲᠤᠴᠤᠳ ᠤᠨ ᠤᠶᠤᠨ ᠰᠠᠨᠠᠭᠠᠨ ᠤ ᠭᠡᠷ ᠣᠷᠣᠨ ᠢᠶᠠᠨ ᠪᠠᠲᠤ ᠰᠠᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ

ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ

ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠬᠡᠵᠡᠢ᠃

     ᠹᠧᠩ ᠰᠢᠤᠸᠠᠢ ᠲᠤᠤ ᠱᠠᠭᠠᠷᠳᠠᠭᠰᠠᠨ ᠨᠢ᠂ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ ᠭᠤᠣᠯ

ᠦᠢᠯᠡᠳᠦᠯ ᠢ ᠦᠨᠡᠨ ᠬᠦ ᠪᠠᠳᠠᠷᠠᠭᠤᠯᠵᠤ᠂ ᠡᠨᠡᠬᠦ ᠬᠦᠮᠦᠵᠢᠯ ᠦᠢᠯᠡᠳᠦᠯᠭᠡ ᠶᠢᠨ ᠲᠦᠪ ᠢ ᠪᠦᠬᠦ ᠬᠤᠳᠠ ᠶᠢᠨ

ᠲᠡᠷᠢᠭᠦᠨ ᠵᠡᠷᠭᠡ ᠶᠢᠨ ᠶᠡᠷᠦᠩᠬᠡᠶᠢᠯᠡᠭᠰᠡᠨ ᠴᠢᠨᠠᠷᠲᠠᠢ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ

ᠭᠠᠵᠠᠷ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠨᠠᠮᠴᠢ ᠴᠢᠨᠠᠷ ᠤᠨ ᠬᠥᠮᠦᠵᠢᠯ ᠤᠨ ᠰᠢᠨᠵᠢᠯᠡᠬᠦ ᠤᠬᠠᠭᠠᠨᠴᠢᠯᠠᠯᠲᠠ ᠶᠢᠨ

ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠵᠦ᠂ ᠪᠦᠬᠦ ᠬᠤᠲᠠ ᠶᠢᠨ ᠨᠠᠮ ᠤᠨ ᠭᠡᠰᠢᠭᠦᠨ ᠺᠠᠳ᠋ᠷᠴᠤᠳ ᠲᠤ

ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤᠮᠳᠠ ᠭᠦᠨᠵᠡᠭᠡᠢ ᠬᠥᠮᠦᠵᠢᠯ ᠬᠦᠷᠲᠡᠭᠡᠬᠦ ᠶᠢ ᠦᠨᠡᠨᠬᠦ

ᠪᠠᠲᠤᠯᠠᠬᠤ ᠬᠡᠷᠡᠭᠲᠡᠢ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠳᠤᠷᠢᠳᠬᠤ

ᠳᠤᠭᠤᠶᠢᠯᠠᠩ ᠨᠠᠮᠴᠢ ᠴᠢᠨᠠᠷ ᠤᠨ ᠬᠥᠮᠦᠵᠢᠯ ᠢ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠰᠠᠭᠤᠷᠢ

ᠴᠢᠨᠠᠷᠲᠠᠶ ᠪᠠᠶᠢᠩᠭᠤ ᠶᠢᠨ ᠴᠢᠨᠠᠷᠲᠠᠶ ᠠᠵᠢᠯ ᠪᠣᠯᠭᠠᠬᠤ ᠬᠡᠷᠡᠭᠲᠡᠶ᠃ ᠡᠳᠦᠷ ᠲᠤᠲᠤᠮ ᠤᠨ ᠠᠵᠢᠯ ᠢᠶᠠᠨ ᠴᠢᠩᠭ᠎ᠠ

ᠠᠳᠬᠤᠵᠤ᠂ ᠦᠷᠭᠦᠯᠵᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠥᠷᠭᠡᠨ ᠣᠯᠠᠨ ᠨᠠᠮ ᠤᠨ ᠭᠡᠰᠢᠭᠦᠨ

ᠺᠠᠳ᠋ᠷᠴᠣᠳ ᠢ ᠬᠥᠲᠥᠯᠥᠨ ᠵᠢᠯᠣᠭᠤᠳᠴᠤ ᠪᠠᠶᠢᠭᠠᠳ ᠪᠠᠲᠤ ᠴᠢᠩᠭ᠎ᠠ ᠨᠠᠮᠴᠢ ᠴᠢᠨᠠᠷ ᠤᠨ ᠪᠣᠯᠪᠠᠰᠤᠷᠠᠯ ᠢᠶᠠᠷ

ᠲᠡᠮᠡᠴᠡᠯ ᠤᠨ ᠬᠦᠴᠦᠨ ᠢᠶᠠᠨ ᠨᠢᠭᠲᠠᠷᠠᠭᠤᠯᠤᠨ᠂ ᠢᠯᠠᠯᠲᠠ ᠶᠢᠨ ᠵᠠᠮ ᠢ ᠨᠡᠭᠡᠭᠡᠵᠦ᠂ ᠮᠠᠨ ᠤ ᠬᠤᠳᠠ ᠶᠢᠨ ︽ᠲᠠᠪᠤᠨ

ᠣᠷᠣᠨ︾ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠡᠢ᠃

     ᠫᠠᠶᠢᠰᠠ ᠰᠡᠬᠦᠬᠦ ᠶᠣᠰᠣᠯᠠᠯ ᠤᠨ ᠲᠠᠷᠠᠭ᠎ᠠ᠂ ᠱᠢ ᠸᠠᠨ ᠵᠢᠶᠦ᠋ᠨ ᠵᠡᠷᠭᠡ ᠬᠤᠳᠠ ᠶᠢᠨ ᠤᠳᠤᠷᠢᠳᠤᠯᠭ᠎ᠠ

ᠬᠤᠳᠠ ᠶᠢᠨ ᠨᠠᠮᠴᠢ ᠴᠢᠨᠠᠷ ᠤᠨ ᠬᠥᠮᠦᠵᠢᠯ ᠦᠢᠯᠡᠳᠦᠯᠭᠡ ᠶᠢᠨ ᠲᠥᠪ ᠲᠤ ᠲᠣᠭᠤᠷᠢᠨ ᠦᠵᠡᠭᠰᠡᠨ ᠪᠥᠭᠡᠳ ᠨᠠᠮ ᠳᠤ

ᠣᠷᠣᠬᠤ ᠲᠠᠩᠭᠠᠷᠢᠭ ᠤᠨ ᠦᠭᠡ ᠶᠢ ᠳᠠᠬᠢᠨᠲᠠ ᠤᠩᠰᠢᠪᠠ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号