ᠦᠬᠠᠶ ᠬᠤᠲᠠ ᠣᠪᠣᠭᠠᠨ ᠲᠠᠬᠢᠯᠭ᠎ᠠ ᠵᠢᠴᠢ ᠨᠠᠭᠠᠳᠤᠮ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-06

     7 ᠰᠠᠷ᠎ᠠ ᠶᠢᠨ 3 ᠤ ᠡᠳᠦᠷ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠲᠠ ᠶᠢᠨ

ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠬᠤᠲᠠ ᠶᠢᠨ

ᠣᠯᠠᠨ ᠲᠦᠮᠡᠨ ᠤ ᠤᠷᠠᠯᠢᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ᠣᠪᠣᠭᠠᠨ ᠲᠠᠭᠢᠯᠭ᠎ᠠ ᠪᠣᠯᠤᠨ

ᠨᠠᠭᠠᠳᠤᠮ ᠤᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠭᠠᠨᠳᠠᠷᠢ ᠠᠭᠤᠯᠠᠨ ᠤ ᠠᠮᠢ ᠠᠬᠤᠢ ᠶᠢᠨ

ᠵᠢᠭᠤᠯᠴᠢᠯᠠᠯ ᠤᠨ ᠪᠣᠯᠪᠠᠰᠤᠨ ᠦᠵᠡᠮᠵᠢ ᠶᠢᠨ ᠣᠷᠣᠨ ᠤ ᠥᠨᠳᠥᠷ ᠠᠭᠤᠯᠠ ᠶᠢᠨ ᠨᠤᠭᠤ ᠶᠢᠨ ᠣᠪᠣᠭ᠎ᠠ ᠪᠣᠯᠤᠨ

ᠰᠦᠯᠳᠡ ᠠᠭᠤᠳᠠᠮ ᠲᠠᠯᠠᠪᠠᠢ ᠳᠤ ᠤᠷᠢᠳ ᠬᠤᠵᠢᠳ ᠶᠠᠪᠤᠭᠳᠠᠵᠠᠶ᠃

     ᠥᠷᠯᠥᠭᠡ ᠶᠢᠨ 8 ᠴᠠᠭ ᠬᠠᠭᠠᠰ ᠲᠤ ᠣᠪᠣᠭ᠎ᠠ ᠳᠠᠬᠢᠬᠤ ᠶᠣᠰᠣᠯᠠᠯ ᠵᠢᠩᠬᠢᠨᠢ ᠪᠠᠷ ᠡᠬᠢᠯᠡᠪᠡ᠃ ᠬᠤᠲᠠ ᠶᠢᠨ

ᠦᠨᠳᠦᠰᠦᠲᠡᠨ ᠤ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠭᠡᠰᠢᠭᠦᠨ ᠵᠢᠴᠢ ᠮᠠᠨ ᠤ ᠬᠤᠲᠠ ᠶᠢᠨ ᠮᠣᠩᠭᠤᠯ

ᠦᠨᠳᠦᠰᠦᠲᠡᠨ ᠤ ᠣᠯᠠᠨ ᠲᠦᠮᠡᠨ ᠮᠣᠩᠭᠤᠯ ᠢᠶᠠᠷ ᠢᠶᠠᠨ ᠭᠤᠶᠤᠯᠠᠵᠤ᠂ ᠢᠳᠡᠭᠡᠨ ᠣᠮᠳᠠᠭᠠᠨ ᠤ ᠲᠡᠭᠡᠵᠢ ᠪᠠᠨ

ᠡᠷᠭᠦᠭᠰᠡᠨ ᠪᠥᠭᠡᠳ ᠮᠣᠩᠭᠤᠯᠴᠤᠳ ᠤᠨ ᠤᠯᠠᠮᠵᠢᠯᠠᠯᠲᠤ ᠵᠠᠩᠰᠢᠯ ᠢᠶᠠᠷ ᠣᠪᠣᠭᠠᠨ ᠤ ᠲᠠᠭᠢᠯᠭ᠎ᠠ ᠪᠠᠨ ᠡᠷᠭᠦᠵᠠᠶ᠃

ᠤᠯᠠᠨ ᠢᠶᠠᠷ ᠢᠶᠠᠨ ᠰᠠᠶᠢᠨ ᠰᠠᠶᠢᠬᠠᠨ ᠤ ᠪᠡᠯᠭᠡ ᠪᠤᠯᠤᠭᠰᠠᠨ ᠬᠠᠳᠠᠭ ᠢᠶᠠᠨ ᠡᠷᠭᠦᠵᠦ᠂ ᠡᠬᠡ ᠤᠯᠤᠰ ᠤᠨ ᠬᠥᠭᠵᠢᠯ

ᠴᠡᠴᠡᠭᠯᠡᠯ᠂ ᠲᠠᠯ᠎ᠠ ᠨᠤᠲᠤᠭ ᠤᠨ ᠬᠤᠷ᠎ᠠ ᠪᠣᠷᠣᠭᠠᠨ ᠲᠡᠭᠰᠢ ᠰᠠᠶᠢᠬᠠᠨ᠂ ᠠᠷᠠᠳ ᠲᠦᠮᠡᠨ ᠤ ᠵᠣᠯ ᠵᠢᠷᠭᠠᠯ ᠠᠮᠤᠷ

ᠠᠮᠤᠭᠤᠯᠠᠩ ᠢ ᠬᠠᠮᠲᠤ ᠪᠠᠷ ᠬᠦᠰᠡᠨ ᠲᠠᠭᠠᠳᠬᠠᠪᠠ᠃

     ᠲᠠᠬᠢᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ

ᠬᠦᠮᠦᠨ ᠮᠡᠲᠤ ᠲᠤᠳᠤᠨᠤ᠂ ᠰᠡᠳᠭᠢᠯ ᠵᠢᠷᠦᠭᠡ ᠪᠠᠨ ᠬᠠᠮᠳᠣᠳᠬᠠᠨ ᠳᠤᠮᠳᠠᠳᠤ ᠶᠢᠨ ᠵᠡᠭᠦᠳᠦ ᠪᠠᠨ ᠬᠠᠮᠲᠤᠪᠠᠷ

ᠲᠡᠷᠭᠡᠯᠰᠢᠯᠡᠬᠦᠯᠦᠶ᠎ᠡ︾ ᠬᠡᠬᠦ ᠪᠠᠷ ᠭᠤᠤᠯ ᠰᠡᠳᠦᠪ ᠪᠤᠯᠭᠠᠭᠰᠠᠨ 2020 ᠣᠨ ᠤ ᠣᠪᠣᠭᠠᠨ ᠲᠠᠬᠢᠯᠭ᠎ᠠ ᠶᠢᠨ

ᠨᠠᠭᠠᠳᠤᠮ ᠤᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠰᠦᠯᠳᠡ ᠠᠭᠤᠳᠠᠮ ᠲᠠᠯᠠᠪᠠᠶ ᠳᠤ ᠭᠤᠶᠢᠳᠠ

ᠰᠠᠶᠢᠬᠠᠨ ᠶᠠᠪᠤᠭᠳᠠᠪᠠ᠃ ᠮᠠᠨ ᠤ ᠬᠤᠲᠠ ᠶᠢᠨ ᠠᠷᠠᠳ ᠤᠨ ᠤᠷᠠᠯᠢᠭ ᠤᠨ ᠪᠦᠯᠬᠦᠮ ᠮᠣᠷᠢᠨ ᠬᠤᠭᠤᠷ ᠤᠨ

ᠲᠣᠭᠯᠠᠯᠲᠠ᠂ ᠮᠣᠩᠭᠤᠯ ᠪᠥᠵᠢᠭ᠂ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠲᠣᠭᠯᠠᠯᠲᠠ

ᠭᠠᠷᠭᠠᠵᠠᠶ᠃ ᠠᠵᠢᠯᠯᠠᠭ᠎ᠠ ᠳᠤ ᠣᠷᠣᠯᠴᠠᠭᠰᠠᠨ ᠵᠤᠭᠠᠴᠠᠭᠰᠠᠳ ᠲᠤ ᠦᠨᠳᠦᠰᠦᠲᠡᠨ ᠤ ᠭᠡᠷᠡᠯ ᠰᠠᠴᠤᠷᠠᠩᠭᠤᠶ

ᠰᠣᠶᠣᠯ ᠢ ᠳᠡᠯᠭᠡᠨ ᠦᠵᠡᠬᠦᠯᠬᠦ ᠦᠪᠡᠳᠡᠭᠰᠢ ᠶᠡᠭᠡ ᠨᠠᠶᠢᠷ ᠬᠦᠷᠭᠡᠪᠡ᠃

     ᠦᠬᠠᠶ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠭᠡᠷᠡᠯ ᠵᠢᠷᠤᠭ ᠤᠨ ᠠᠩᠭᠢ ᠶᠢᠨ ᠡᠤ ᠽᠢ

ᠴᠢᠶᠠᠩ ᠥᠷᠯᠥᠭᠡ ᠡᠷᠳᠡ ᠣᠪᠣᠭ᠎ᠠ ᠳᠠᠬᠢᠬᠤ ᠠᠵᠢᠯᠯᠠᠭ᠎ᠠ ᠳᠤ ᠣᠷᠣᠯᠴᠠᠵᠠᠶ᠃ ᠲᠡᠷᠡ ᠬᠡᠯᠡᠭᠰᠡᠨ ᠨᠢ᠄ ︽ᠣᠪᠣᠭ᠎ᠠ

ᠳᠠᠬᠢᠬᠤ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠠᠵᠢᠯᠯᠠᠭ᠎ᠠ ᠮᠥᠨ᠃ ᠥᠨᠥᠳᠦᠷ ᠤᠨ ᠡᠷᠬᠢᠯᠡᠭᠰᠡᠨ ᠡᠨᠡ

ᠬᠥᠳᠡᠯᠭᠡᠭᠡᠨ ᠮᠠᠰᠢ ᠤᠳᠬ᠎ᠠ ᠠᠭᠤᠯᠭ᠎ᠠ ᠲᠠᠢ᠂ ᠡᠯ᠎ᠡ ᠦᠨᠳᠦᠰᠦᠲᠡᠨ ᠬᠠᠮᠲᠤ ᠪᠠᠷ ᠦᠵᠡᠰᠬᠦᠯᠡᠩᠲᠦ ᠦᠬᠠᠢ ᠪᠠ

ᠦᠨᠳᠦᠰᠦᠲᠡᠨ ᠤ ᠪᠦᠯᠬᠦᠮᠳᠡᠯ ᠨᠢᠭᠡ ᠭᠡᠷ ᠪᠦᠯᠢ ᠪᠣᠯᠬᠤ ᠡᠶ᠎ᠡ ᠵᠣᠬᠢᠴᠠᠩᠭᠤᠶ ᠠᠭᠤᠷ ᠠᠮᠢᠰᠬᠤᠯ ᠢ ᠬᠦᠢᠴᠡᠳ

ᠢᠯᠡᠷᠡᠭᠦᠯᠪᠡ︾ ᠬᠡᠵᠡᠢ

     ᠣᠪᠣᠭᠠᠨ ᠲᠠᠭᠢᠯᠭ᠎ᠠ ᠪᠣᠯ ᠮᠣᠩᠭᠤᠯᠴᠤᠳ ᠤᠨ ᠤᠯᠠᠮᠵᠢᠯᠠᠯᠲᠤ ᠵᠠᠩ ᠥᠢᠯᠨ᠂ ᠵᠢᠯ ᠪᠦᠷᠢ ᠶᠢᠨ ᠪᠢᠯᠢᠭ ᠤᠨ

ᠤᠯᠠᠷᠢᠯ ᠤᠨ ᠲᠠᠪᠤᠨ ᠰᠠᠷ᠎ᠠ ᠶᠢᠨ ᠠᠷᠪᠠᠨ ᠭᠤᠷᠪᠠᠨ ᠪᠣᠯ ᠮᠣᠩᠭᠤᠯᠴᠤᠳ ᠤᠨ ᠤᠪᠤᠭ᠎ᠠ ᠲᠠᠭᠢᠬᠤ ᠡᠳᠦᠷ ᠪᠣᠯᠤᠨ᠎ᠠ᠃

ᠮᠠᠨ ᠤ ᠬᠤᠲᠠ ᠨᠢᠭᠡᠨᠲᠡ 7 ᠵᠢᠯ ᠳᠠᠷᠠᠭᠠᠯᠠᠨ ᠣᠪᠣᠭ᠎ᠠ ᠲᠠᠬᠢᠬᠤ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ

ᠦᠨᠳᠦᠰᠦᠳᠡᠨ ᠨᠦᠭᠦᠳ ᠤᠨ ᠣᠯᠠᠨ ᠲᠦᠮᠡᠨ ᠤ ᠰᠣᠶᠣᠯ ᠤᠨ ᠴᠢᠬᠤᠯᠠ ᠨᠢᠭᠡ ᠠᠭᠤᠯᠭ᠎ᠠ ᠪᠣᠯᠵᠠᠶ᠃ ᠡᠨᠡ ᠵᠢᠯ᠂

ᠮᠠᠨ ᠤ ᠬᠤᠲᠠ ᠣᠪᠣᠭᠠᠨ ᠳᠠᠬᠢᠯᠭ᠎ᠠ ᠶᠢᠨ ᠠᠭᠤᠯᠭ᠎ᠠ ᠶᠢ ᠢᠳᠡᠪᠬᠢᠲᠡᠢ ᠪᠠᠷ ᠰᠢᠨ᠎ᠡ ᠶᠢ ᠡᠭᠦᠳᠴᠦ᠂ ᠲᠠᠬᠢᠯᠭ᠎ᠠ ᠶᠢᠨ

ᠶᠣᠰᠣᠯᠠᠯ ᠢ ᠵᠢᠭᠤᠯᠴᠢᠯᠠᠯ ᠲᠠᠢ ᠤᠶᠠᠯᠳᠤᠭᠤᠯᠬᠤ ᠠᠷᠭ᠎ᠠ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ᠂

ᠦᠨᠳᠦᠰᠦᠲᠡᠨ ᠤ ᠰᠣᠶᠣᠯ ᠤᠨ ᠤᠬᠠᠭᠤᠯᠭ᠎ᠠ ᠶᠢ ᠦᠵᠡᠮᠵᠢ ᠶᠢᠨ ᠣᠷᠣᠨ ᠳᠤ ᠶᠠᠪᠤᠭᠳᠠᠭᠤᠯᠵᠤ᠂ ᠮᠣᠩᠭᠤᠯ

ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠦᠵᠡᠭᠦᠯᠬᠦ ᠶᠢᠨ ᠬᠠᠮᠲᠤ ᠪᠠᠰᠠ ᠮᠠᠨ ᠤ ᠬᠤᠲᠠ ᠶᠢᠨ

ᠡᠯ᠎ᠡ ᠦᠨᠳᠦᠰᠦᠲᠡᠨ ᠤ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠮᠠᠨ ᠤ

ᠬᠤᠲᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠢ ᠥᠷᠭᠡᠳᠬᠡᠵᠤ᠂ ᠪᠦᠬᠦ

ᠬᠤᠲᠠ ᠶᠢᠨ ᠵᠢᠭᠤᠯᠴᠢᠯᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠳᠤ ᠡᠯᠪᠡᠭ ᠪᠠᠶᠠᠯᠢᠭ᠂ ᠬᠦᠴᠦᠷᠬᠡᠭ ᠶᠡᠭᠡ

ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号