ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠷᠡᠭᠲᠡᠶ ᠡᠮᠡᠭᠳᠡᠢ ᠶᠢᠨ ᠰᠠᠭᠰᠤᠨ ᠪᠥᠮᠪᠦᠭᠡ ᠶᠢᠨ ᠺᠯᠦ᠋ᠪ ᠤᠨ ᠪᠠᠷᠠᠭᠤᠨ ᠤᠷᠤᠨ ᠤ ᠨᠡᠶᠢᠲᠡ ᠶᠢᠨ ᠠᠰᠠᠷᠠᠮᠵᠢ ᠶᠢᠨ ᠰᠠᠭᠰᠤᠨ ᠪᠥᠮᠪᠦᠭᠡ ᠶᠢᠨ ᠨᠥᠬᠦᠷᠰᠡᠭ ᠤᠷᠤᠯᠳᠤᠭᠠᠨ ᠮᠠᠨ ᠤ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020-07-06
     7 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠷᠡᠭᠲᠡᠶ ᠡᠮᠡᠭᠲᠡᠶ ᠶᠢᠨ ᠰᠠᠭᠰᠤᠨ ᠪᠥᠮᠪᠦᠭᠡ ᠶᠢᠨ ᠺᠯᠦ᠋ᠪ ᠤᠨ ᠪᠠᠷᠠᠭᠤᠨ ᠤᠷᠤᠨ ᠨᠡᠶᠢᠲᠡ ᠶᠢᠨ ᠠᠰᠠᠷᠠᠮᠵᠢ ᠶᠢᠨ ᠰᠠᠭᠰᠤᠨ ᠪᠥᠮᠪᠦᠭᠡ ᠶᠢᠨ ᠨᠥᠬᠦᠷᠰᠡᠭ ᠤᠷᠤᠯᠳᠤᠭᠠᠨ ᠮᠠᠨ ᠤ ᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠭᠦᠸᠧ ᠳ᠋ᠡ ᠶᠦᠩ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ᠂ ᠥᠪᠥᠷ ᠮᠣᠩᠭᠤᠯ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠮᠦᠩᠬᠡ · ᠪᠠᠭᠠᠲᠤᠷ ᠠᠵᠢᠯᠯᠠᠭ᠎ᠠ ᠳᠤ ᠣᠷᠣᠯᠴᠠᠪᠠ᠃      ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠰᠠᠭᠰᠤᠨ ᠪᠥᠮᠪᠦᠭᠡ ᠶᠢᠨ ᠺᠯᠦ᠋ᠪ 2018 ᠣᠨ ᠤ ᠰᠡᠭᠦᠯᠴᠢ ᠪᠠᠷ ᠪᠠᠶᠢᠭᠤᠯᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ᠂ ᠮᠥᠨ ᠴᠦ ᠴᠣᠷ ᠤᠨ ᠭᠠᠭᠴᠠ ᠲᠤᠰᠬᠠᠢ ᠰᠠᠭᠰᠤᠨ ᠪᠥᠮᠪᠦᠭᠡ ᠶᠢᠨ ᠺᠯᠦ᠋ᠪ ᠪᠣᠯᠤᠨ᠎ᠠ᠃ ᠲᠤᠰ ᠤᠳᠠᠭᠠᠨ ᠤ ᠨᠥᠬᠦᠷᠰᠡᠭ ᠤᠷᠤᠯᠳᠤᠭᠠᠨ ᠨᠢ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠷᠡᠭᠳᠡᠢ ᠶᠢᠨ ᠰᠠᠭᠰᠤᠨ ᠪᠥᠮᠪᠦᠭᠡ᠂ ᠡᠮᠡᠭᠲᠡᠶ ᠶᠢᠨ ᠰᠠᠭᠰᠤᠨ ᠪᠥᠮᠪᠦᠭᠡ ᠶᠢᠨ ᠠᠩᠭᠢ ᠦᠬᠠᠶ ᠬᠤᠲᠠ ᠶᠢᠨ ᠡᠷᠡᠭᠲᠡᠶ ᠶᠢᠨ ᠰᠠᠭᠰᠤᠨ ᠪᠥᠮᠪᠦᠭᠡ ᠶᠢᠨ ᠲᠥᠯᠥᠭᠡᠯᠡᠭᠴᠢᠳ ᠤᠨ ᠠᠩᠭᠢ ᠲᠠᠢ ᠨᠦᠬᠦᠷᠰᠡᠭ ᠤᠷᠤᠯᠳᠣᠭᠠᠨ ᠶᠠᠪᠤᠭᠤᠯᠪᠠ ᠃ ᠤᠷᠤᠯᠳᠤᠭᠠᠨ ᠤ ᠲᠠᠯᠠᠪᠤᠷ ᠲᠤ ᠡᠷᠡᠭᠲᠡᠶ ᠪᠥᠮᠪᠥᠭᠡᠴᠢᠨ ᠪᠡᠶ᠎ᠡ ᠮᠠᠬᠠᠪᠣᠳ ᠪᠠ ᠬᠦᠴᠦᠨ ᠴᠢᠳᠠᠯ ᠤᠨ ᠳᠠᠪᠠᠭᠤᠯᠢᠭ  ᠢᠶᠠᠷ ᠢᠶᠠᠨ ᠰᠢᠪᠲᠤᠯᠤᠯᠲᠠ ᠬᠢᠬᠦ᠂ ᠪᠥᠮᠪᠦᠭᠡ ᠲᠠᠮᠵᠢᠭᠤᠯᠬᠤ᠂ ᠰᠠᠭᠰᠤᠯᠠᠬᠤ ᠪᠠᠷ ᠲᠠᠮᠵᠢᠨ ᠵᠠᠯᠭᠠᠭ᠎ᠠ ᠪᠠᠷ ᠬᠤᠪᠢ ᠣᠯᠵᠠᠢ᠃ ᠡᠮᠡᠭᠲᠡᠶ ᠶᠢᠨ ᠰᠠᠭᠰᠤᠨ ᠪᠥᠮᠪᠦᠭᠡ ᠶᠢᠨ ᠠᠩᠭᠢ ᠶᠢᠨ ᠥᠬᠢᠳ ᠴᠦ ᠥᠴᠦᠬᠡᠨ ᠴᠦ ᠨᠤᠭᠤᠷᠠᠬᠤ ᠦᠭᠡᠢ᠂ ᠤᠷᠠᠨ ᠨᠠᠷᠢᠯᠢᠭ ᠬᠠᠮᠵᠢᠯᠴᠠᠭ᠎ᠠ ᠪᠠᠷ ᠳᠠᠮᠵᠢᠨ ᠲᠠᠰᠤᠷᠠᠯᠲᠠ ᠦᠭᠡᠢ ᠬᠤᠪᠢ ᠣᠯᠵᠠᠶ᠃ ᠳᠥᠷᠪᠡᠨ ᠬᠡᠰᠡᠭ ᠴᠠᠭ ᠤᠨ ᠰᠢᠷᠦᠭᠦᠨ ᠲᠡᠮᠡᠴᠡᠯᠳᠦᠭᠡᠨ ᠢᠶᠠᠷ ᠡᠴᠦᠰ ᠲᠡᠭᠡᠨ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠷᠡᠭᠲᠡᠶ ᠡᠮᠡᠭᠲᠡᠶ ᠶᠢᠨ ᠰᠠᠭᠰᠤᠨ ᠪᠦᠮᠪᠦᠭᠡ ᠶᠢᠨ ᠠᠩᠭᠢ ᠮᠠᠨ ᠤ ᠬᠤᠲᠠ ᠶᠢᠨ ᠡᠷᠡᠭᠲᠡᠶ ᠶᠢᠨ ᠰᠠᠭᠰᠤᠨ ᠪᠥᠮᠪᠦᠭᠡ ᠶᠢᠨ ᠲᠥᠯᠥᠭᠡᠯᠡᠭᠴᠢᠳ ᠤᠨ ᠠᠩᠭᠢ ᠶᠢ ᠢᠯᠠᠵᠤ᠂ ᠡᠨᠡ ᠤᠳᠠᠭᠠᠨ ᠤ ᠨᠥᠬᠦᠷᠰᠡᠭ ᠤᠷᠤᠯᠳᠤᠭᠠᠨ ᠤ ᠢᠯᠠᠯᠲᠠ ᠶᠢ ᠣᠯᠵᠠᠶ᠃      ᠨᠢᠭᠡᠨ ᠭᠤᠶᠢᠳᠠ ᠰᠠᠶᠢᠬᠠᠨ ᠤᠷᠤᠯᠳᠤᠭᠠᠨ ᠬᠤᠶᠠᠷ ᠲᠠᠯ᠎ᠠ ᠶᠢᠨ ᠨᠥᠬᠦᠷᠯᠡᠯ ᠢ ᠵᠤᠵᠠᠭᠠᠳᠬᠠᠭᠰᠠᠨ ᠢᠶᠠᠷ ᠪᠠᠷᠠᠬᠤ ᠦᠭᠡᠢ᠂ ᠮᠠᠨ ᠤ ᠬᠤᠲᠠ ᠶᠢᠨ ᠰᠠᠭᠰᠤᠨ ᠪᠦᠮᠪᠦᠭᠡ ᠶᠢᠨ ᠰᠣᠨᠢᠷᠬᠠᠭᠴᠢᠳ ᠰᠠᠭᠰᠤᠨ ᠪᠥᠮᠪᠦᠭᠡ ᠶᠢᠨ ᠬᠥᠳᠡᠯᠭᠡᠭᠡᠨ ᠳᠤ ᠨᠠᠩ ᠭᠦᠨᠵᠡᠭᠡᠶ ᠣᠶᠢᠯᠠᠭᠠᠯᠲᠠ ᠲᠠᠢ ᠪᠤᠯᠵᠤ᠂ ᠮᠠᠨ ᠤ ᠬᠤᠲᠠ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号