ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠦᠷᠭᠡᠳᠭᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-06
     7 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠦᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠳᠣᠲᠣᠭᠠᠳᠤ ᠶᠢ ᠬᠠᠮᠠᠭᠠᠯᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠬᠤᠯᠪᠤᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠥᠬᠦᠶ ᠳᠡᠳ᠋ ᠬᠤᠲᠠ ᠶᠢᠨ ᠳᠠᠷᠤᠭ᠎ᠠ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠣᠳᠠᠭᠠᠨ ᠤ ᠪᠥᠬᠦᠳᠡ ᠬᠤᠷᠠᠯ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭᠠᠨ ᠤ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠥᠭᠵᠢᠯᠲᠡ ᠶᠢ ᠰᠦᠪᠡᠭᠴᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠤᠭ ᠰᠠᠨᠠᠭ᠎ᠠ ᠪᠠᠨ ᠪᠠᠲᠤ ᠰᠠᠬᠢᠬᠤ ᠪᠠ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠪᠣᠯᠭᠠᠨ ᠭᠤᠶᠢᠪᠢᠰᠢ ᠦᠭᠡᠢ ᠬᠤᠪᠢᠷᠠᠭᠤᠯᠬᠤ ᠶᠢ ᠭᠦᠢᠴᠡᠳ ᠬᠠᠷᠠᠭᠤᠯᠪᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠣᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠦᠳᠲᠡᠷ ᠲᠦᠷᠭᠡᠨ ᠵᠣᠬᠢᠶᠠᠨ ᠪᠠᠶᠢᠭᠤᠯᠤᠨ ᠤᠯᠠᠮᠵᠢᠯᠠᠨ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠳᠡᠭᠡᠷ᠎ᠡ ᠦᠨᠡᠨ ᠬᠦ ᠨᠢᠭᠳᠠᠷᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠳᠤ ᠪᠠ ᠤᠯᠠᠨ ᠲᠦᠮᠡᠨ ᠤ ᠳᠤᠮᠳᠠ ᠣᠷᠣᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠨᠢᠭᠲᠠ ᠣᠶᠠᠯᠳᠣᠭᠤᠯᠣᠨ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠰᠦᠯ ᠢᠶᠠᠨ ᠲᠦᠷᠭᠡᠬᠡᠨ ᠲᠣᠭᠲᠠᠭᠠᠵᠤ᠂ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ᠃ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠷ᠎ᠡ ᠪᠦᠲᠦᠮᠵᠢ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠦᠨᠡᠨ ᠬᠦ ᠢᠯᠡᠷᠡᠭᠦᠯᠬᠦ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠡᠷᠬᠡᠪᠰᠢ ᠦᠷᠭᠦᠯᠵᠢ ᠴᠢᠩᠭ᠎ᠠ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠵᠣᠭᠰᠣᠴᠠ ᠪᠠᠨ ᠳᠡᠭᠡᠭᠰᠢᠯᠡᠭᠦᠯᠵᠦ᠂ ᠠᠭᠤᠰᠤᠯᠴᠠᠭᠤᠯᠤᠨ ᠨᠡᠪᠲᠡᠷᠡᠭᠦᠯᠵᠦ᠂ ᠰᠢᠰᠲ᠋ᠧᠮ ᠲᠠᠢ ᠡᠵᠡᠮᠰᠢᠵᠦ ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠰᠡᠳᠬᠢᠯ ᠲᠠᠯᠪᠢᠨ ᠪᠡᠶᠡᠴᠢᠯᠡᠨ ᠤᠶᠢᠯᠠᠭᠠᠵᠤ᠂ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠢᠯᠡᠷᠡᠭᠦᠯᠬᠦ ᠬᠡᠷᠡᠭᠳᠡᠢ᠃ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠵᠣᠷᠢᠭᠲᠠᠶ ᠪᠠᠷ ᠡᠭᠦᠷᠭᠡᠯᠡᠬᠦ᠂ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ᠂ ᠪᠣᠳᠠᠲᠠᠶ ᠶᠢ ᠡᠷᠬᠢᠮᠯᠡᠨ ᠭᠤᠤᠯᠳᠠᠯᠭ᠎ᠠ ᠲᠠᠢ ᠠᠵᠢᠯᠯᠠᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠠᠰᠤᠷᠠᠯᠲᠠ ᠤᠢᠭᠡᠢ ᠭᠦᠨᠵᠡᠭᠡᠶᠢᠷᠡᠭᠦᠯᠬᠦ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠭᠠᠨ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠴᠢᠩᠭᠠᠳᠬᠠᠵᠤ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠭᠡᠯ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠳᠣᠲᠣᠭᠠᠳᠤ ᠶᠢ ᠬᠠᠮᠠᠭᠠᠯᠠᠬᠤ ᠢᠮᠠᠭᠳᠠ ᠨᠠᠮ ᠤᠨ ᠣᠳᠣᠷᠢᠳᠣᠯᠭ᠎ᠠ ᠶᠢᠨ ᠲᠠᠭᠠᠬᠤ ᠬᠡᠷᠡᠭᠳᠡᠢ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠬᠦᠴᠦᠯᠡᠨ ᠴᠢᠩᠭᠠᠳᠬᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠴᠢᠷᠮᠠᠶᠢᠬᠤ ᠬᠡᠷᠡᠭᠳᠡᠢ᠃ ᠪᠦᠬᠦ ᠬᠤᠲᠠ ᠶᠢᠨ ᠲᠡᠭᠡᠲᠤ ᠳᠣᠣᠷᠠᠳᠤ ᠱᠠᠲᠤᠨ ᠤ ᠬᠢᠨ ᠴᠡᠷᠢᠭ ᠤᠨ ᠠᠯᠪᠠ  ᠠᠴᠠ ᠬᠠᠯᠠᠭᠳᠠᠭᠰᠠᠳ ᠤᠨ ᠤᠴᠢᠷ ᠶᠠᠪᠤᠳᠠᠯ ᠢ ᠴᠢᠬᠤᠯᠠᠴᠢᠯᠠᠬᠤ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠷᠢᠶᠠᠯᠠᠭᠳᠠᠬᠤ ᠰᠡᠳᠬᠢᠯᠭᠡ᠂ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ  ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ︔ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠬᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号