ᠣᠳᠠ 2020 ᠣᠨ ᠤ ᠳᠡᠷᠭᠡᠳᠡᠬᠢ ᠰᠠᠶᠢᠨ ᠬᠥᠮᠦᠨ ᠢ ᠨᠡᠶᠢᠲᠡᠯᠡᠪᠡ
ᠨᠡᠶᠢᠲᠡᠯᠡᠭᠰᠡᠨ ᠴᠠᠭ᠄
2020-07-07
     7 ᠰᠠᠷ᠎ᠠ ᠶᠢᠨ 3 ᠤ ᠡᠳᠦᠷ᠂ ᠤᠳᠠ ᠲᠣᠭᠤᠷᠢᠭ 2020 ᠣᠨ ᠤ ︽ᠤᠳᠠ ᠶᠢᠨ ᠳᠡᠷᠭᠡᠳᠡᠬᠢ ᠰᠠᠶᠢᠨ ᠬᠥᠮᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠲᠡᠯᠢᠭ ᠵᠢᠱᠢᠶ᠎ᠡ︾ ᠶᠢ ᠨᠡᠶᠢᠲᠡᠯᠡᠬᠦ ᠬᠤᠷᠠᠯ ᠬᠤᠷᠠᠯᠳᠣᠭᠤᠯᠪᠠ᠃      ᠤᠳᠠ ᠲᠣᠭᠤᠷᠢᠭ ᠤᠨ ᠪᠣᠯᠪᠠᠰᠤᠨ ᠤ ᠠᠯᠪᠠᠨ ᠬᠡᠷ 2020 ᠣᠨ ᠤ ︽ᠤᠳᠠ ᠶᠢᠨ ᠳᠡᠷᠭᠡᠳᠡᠬᠢ ᠰᠠᠶᠢᠨ ᠬᠥᠮᠦᠨ︾᠂ ︽ᠶᠠᠳᠠᠭᠤ ᠠᠴᠠ ᠠᠩᠭᠢᠵᠢᠷᠠᠭᠰᠠᠨ ᠣᠳᠣᠨ︾ ᠪᠠ ᠲᠠᠷᠢᠶᠠᠯᠠᠬᠤ ᠣᠷᠣᠨ ᠤ ︽ᠠᠷᠪᠠᠨ ᠣᠳᠣᠲᠣ ᠬᠡᠷ ᠪᠦᠯᠢ ᠶᠢᠨ ᠵᠢᠱᠢᠶ᠎ᠡ ᠦᠵᠡᠬᠦᠯᠬᠦ ᠡᠷᠦᠬᠡ︾ ᠶᠢ ᠰᠢᠯᠭᠠᠷᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠲᠠᠨᠢᠯᠴᠠᠭᠤᠯᠭ᠎ᠠ ᠪᠠᠷ ᠳᠡᠭᠡᠭᠰᠢ ᠮᠡᠳᠡᠭᠦᠯᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠶᠡᠷᠦᠩᠬᠡᠶᠢᠯᠡᠨ ᠬᠢᠨᠠᠨ ᠲᠣᠭᠲᠠᠭᠠᠬᠤ᠂ ᠵᠠᠭᠤᠴᠢᠯᠠᠭᠤᠷ ᠢᠶᠠᠷ ᠵᠠᠷᠯᠠᠨ ᠨᠡᠶᠢᠲᠡᠯᠡᠬᠦ ᠪᠠᠷ ᠳᠡᠮᠵᠢᠨ᠂ ᠿᠤᠸᠠᠨ ᠬᠤᠩ ᠪᠥᠸᠧ ᠵᠡᠷᠭᠡ 23 ︽ᠣᠳᠠ ᠶᠢᠨ ᠳᠡᠷᠭᠡᠳᠡᠬᠢ ᠰᠠᠶᠢᠨ ᠬᠥᠮᠦᠨ︾᠂ ᠭᠦᠸᠧ ᠶᠦᠩ ᠱᠧᠩ ᠵᠡᠷᠭᠡ 8 ︽ᠶᠠᠳᠠᠭᠤ ᠠᠴᠠ ᠠᠩᠭᠢᠵᠢᠷᠠᠭᠰᠠᠨ ᠣᠳᠣᠨ︾ ᠵᠢᠴᠢ ᠢᠦᠶ ᠳ᠋ᠧᠩ ᠾᠧ ᠶᠢᠨ ᠬᠡᠷ ᠪᠦᠯᠢ ᠵᠡᠷᠭᠡ 10 ︽ᠠᠷᠪᠠᠨ ᠣᠳᠣᠲᠣ ᠬᠡᠷ ᠪᠦᠯᠢ ᠶᠢᠨ ᠵᠢᠱᠢᠶ᠎ᠡ ᠦᠵᠡᠭᠦᠯᠬᠦ ᠡᠷᠦᠬᠡ︾ ᠶᠢ ᠰᠢᠯᠭᠠᠷᠠᠭᠤᠯᠪᠠ᠃ ᠡᠳᠡᠭᠡᠷ ᠲᠡᠷᠢᠭᠦᠨ ᠤ ᠨᠡᠶᠢᠲᠡᠯᠢᠭ ᠵᠢᠱᠢᠶ᠎ᠡ ᠨᠢ ᠡᠭᠡᠯ ᠶᠡᠷᠦᠮᠳᠡᠭ ᠠᠵᠢᠯᠯᠠᠭ᠎ᠠ ᠪᠠᠷ ᠢᠶᠠᠨ ᠬᠥᠮᠦᠨ ᠤ ᠶᠢᠷᠲᠢᠨᠴᠦ ᠶᠢᠨ ᠦᠨᠡᠨ ᠬᠠᠶᠢᠷ᠎ᠠ ᠶᠢ ᠢᠯᠡᠷᠡᠭᠦᠯᠵᠦ᠂ ᠨᠡᠶᠢᠭᠡᠮ ᠳᠠᠶᠠᠭᠠᠷ ᠤᠨ ᠰᠤᠷᠤᠯᠴᠠᠬᠤ ᠳᠠᠭᠤᠷᠢᠶᠠᠯ ᠪᠤᠯᠵᠠᠢ᠃      ᠤᠶᠢᠷ᠎ᠠ ᠶᠢᠨ ᠵᠢᠯ ᠤᠨ ᠲᠤᠷᠰᠢ᠂ ᠤᠳᠠ ᠲᠣᠭᠤᠷᠢᠭ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ ᠤᠬᠠᠭᠤᠯᠬᠤ ᠵᠢᠴᠢ ︽ᠬᠠᠵᠠᠭᠤ ᠳᠠᠬᠢ ᠰᠠᠶᠢᠨ ᠬᠥᠮᠦᠨ ᠢᠶᠠᠨ ᠲᠠᠨᠢᠯᠴᠠᠭᠤᠯᠬᠤ ᠠᠵᠢᠯᠯᠠᠭ᠎ᠠ︾ ᠶᠢ ᠢᠳᠡᠪᠬᠢᠲᠡᠶ ᠵᠣᠬᠢᠶᠠᠨ ᠪᠠᠶᠢᠭᠤᠯᠤᠨ ᠦᠷᠨᠢᠬᠦᠯᠵᠦ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠠᠲᠤᠯᠠᠨ ᠲᠠᠨᠢᠯᠴᠠᠭᠤᠯᠤᠨ ᠰᠢᠯᠭᠠᠷᠠᠭᠤᠯᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ ᠰᠠᠨᠠᠭᠠᠴᠢᠯᠠᠵᠤ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠬᠥᠮᠦᠰ ᠴᠣᠯᠭᠤᠷᠠᠨ ᠭᠠᠷᠪᠠ᠃ ᠡᠭᠦᠨ ᠤ ᠬᠠᠮᠲᠤ᠂ ᠤᠳᠠ ᠲᠣᠭᠤᠷᠢᠭ ᠲᠡᠷᠢᠭᠦᠨ ᠤ ᠨᠡᠶᠢᠲᠡᠯᠢᠭ ᠬᠥᠮᠦᠰ ᠤᠨ ᠰᠤᠷᠤᠯᠴᠠᠯᠭ᠎ᠠ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠨᠡᠶᠢᠭᠡᠮ ᠳᠠᠶᠠᠭᠠᠷ ᠲᠤ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ᠂ ᠡᠷᠳᠡᠮᠲᠡᠨ ᠮᠡᠷᠭᠡᠳ ᠠᠴᠠ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号