ᠵᠠᠩ ᠶᠥᠩ
ᠨᠡᠶᠢᠲᠡᠯᠡᠭᠰᠡᠨ ᠴᠠᠭ᠄
2020/7/9
ᠲᠤᠰᠢᠶᠠᠯ᠄    ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠲᠠ ᠶᠢᠨ ᠳᠠᠷᠤᠭ᠎ᠠᠤᠳᠤᠷᠢᠳᠤᠯᠭ᠎ᠠ ᠶᠢᠨ ᠲᠠᠨᠢᠯᠴᠠᠭᠤᠯᠭ᠎ᠠ᠄    ᠵᠠᠩ ᠶᠦᠩ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 4 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠡᠭᠡᠳᠦ ᠵᠡᠷᠭᠡ ᠶᠢᠨ ᠰᠤᠷᠪᠤᠯᠵᠢᠯᠠᠭᠴᠢ᠃ᠠᠵᠢᠯ ᠤᠨ ᠡᠭᠦᠷᠭᠡ ᠬᠠᠷᠢᠭᠤᠴᠠᠯᠭ᠎ᠠ᠄    ᠬᠤᠲᠠ ᠶᠢᠨ ᠳᠠᠷᠤᠭ᠎ᠠ ᠶᠢ ᠬᠠᠮᠵᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠦᠬᠠᠶ ᠶᠢᠨ ᠪᠥᠬᠦ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠡᠯ᠎ᠡ ᠰᠣᠨᠢᠨ ᠮᠡᠳᠡᠭᠡᠨ ᠤ ᠨᠢᠭᠡᠴᠢ ᠲᠠᠢ ᠬᠠᠷᠢᠯᠴᠠᠨ᠎ᠠ᠃ ᠬᠤᠪᠢᠳᠠᠨ ᠬᠠᠮᠢᠶᠠᠷᠬᠤ ᠳᠡᠳ᠋ ᠬᠤᠲᠠ ᠶᠢᠨ ᠳᠠᠷᠤᠭ᠎ᠠ ᠶᠢ ᠬᠠᠮᠵᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠣᠮᠣ ᠳ᠋ᠠᠶᠢᠲ᠋ᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号