ᠵᠠᠩ ᠮᠢᠩ ᠮᠢᠩ
ᠨᠡᠶᠢᠲᠡᠯᠡᠭᠰᠡᠨ ᠴᠠᠭ᠄
2020/8/1
ᠲᠤᠰᠢᠶᠠᠯ ᠄      ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠳᠠ ᠶᠢᠨ ᠳᠠᠷᠤᠭ᠎ᠠ᠃  ᠤᠳᠤᠷᠢᠳᠤᠯᠭ᠎ᠠ ᠶᠢᠨ ᠲᠠᠨᠢᠯᠴᠠᠭᠤᠯᠭ᠎ᠠ      ᠵᠠᠩ ᠮᠢᠩ ᠮᠢᠩ᠂ ᠡᠮᠡᠭᠲᠡᠢ᠂ ᠳᠠᠭᠤᠷ ᠦᠨᠳᠦᠰᠦᠲᠡᠨ᠂ 1976 ᠣᠨ ᠤ 7 ᠰᠠᠷ᠎ᠠ ᠳᠤ ᠲᠥᠷᠦᠵᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ᠠᠵᠢᠯ ᠤᠨ ᠬᠠᠷᠢᠭᠤᠴᠠᠯᠭ᠎ᠠ᠄     ᠬᠤᠳᠠ ᠶᠢᠨ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠶᠠᠪᠤᠳᠠᠯ᠂ ᠲᠠᠷᠢᠶᠠᠯᠠᠩ᠂ ᠰᠣᠶᠣᠯ᠂ ᠪᠡᠶ᠎ᠡ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢ ᠬᠤᠪᠢᠳᠠᠨ ᠬᠠᠮᠢᠶᠠᠷᠴᠤ᠂ ᠦᠬᠠᠶ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠱᠠᠰᠢᠨ ᠰᠤᠷᠲᠠᠬᠤᠨ ᠤ ᠶᠠᠪᠤᠳᠠᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠬᠤᠷᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ᠂ ᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠤᠭ᠎ᠠ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠤᠭ᠎ᠠ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠦᠬᠠᠶ ᠶᠢᠨ ᠴᠠᠭ ᠠᠭᠤᠷ ᠤᠨ ᠲᠣᠪᠴᠢᠶ᠎ᠠ᠂ ᠡᠯ᠎ᠡ ᠰᠣᠨᠢᠨ ᠮᠡᠳᠡᠭᠡᠨ ᠤ ᠨᠢᠭᠡᠴᠡ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号