ᠣᠶᠢᠷ᠎ᠠ ᠳᠤ᠂ ᠳᠤᠮᠳᠠᠳᠤ ᠤᠯᠤᠰ ᠤᠨ ᠲᠣᠭᠠᠴᠠᠭ᠎ᠠ ᠬᠢᠵᠦ ᠢᠯᠭᠠᠷᠠᠭᠤᠯᠤᠨ ᠪᠤᠳᠤᠬᠤ ᠨᠡᠶᠢᠭᠡᠮᠯᠢᠭ ᠠᠴᠠ | ︽2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠭᠰᠡᠨ ᠬᠡᠷᠡᠭᠯᠡᠭᠴᠢ ᠳᠤ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠯᠲᠠ ᠬᠢᠭᠰᠡᠨ ᠮᠡᠳᠡᠭᠦᠯᠦᠯᠲᠡ︾ ᠶᠢ ᠨᠡᠶᠢᠲᠡᠯᠡᠵᠦ᠂ 2019 ᠣᠨ ᠳᠤ ᠭᠠᠷ ᠤᠳᠠᠰᠤ ᠪᠠᠷ ᠲᠣᠭᠠᠴᠠᠭ᠎ᠠ | ᠬᠢᠭᠰᠡᠨ ᠬᠡᠷᠡᠭᠯᠡᠭᠴᠢ ᠳᠤ ᠲᠣᠳᠣᠷᠬᠠᠶ ᠵᠢᠷᠤᠭ ᠢ ᠵᠢᠷᠤᠵᠦ ᠦᠭᠪᠡ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2019 ᠣᠨ ᠳᠤ ᠭᠠᠷ ᠤᠳᠠᠰᠤ ᠪᠠᠷ ᠲᠤᠭᠠᠴᠠᠭ᠎ᠠ ᠬᠢᠭᠰᠡᠨ | ᠡᠷᠡᠭᠲᠡᠶ ᠬᠡᠷᠡᠭᠯᠡᠭᠴᠢ ᠨᠢ ᠡᠮᠡᠭᠲᠡᠶ ᠬᠡᠷᠡᠭᠯᠡᠭᠴᠢ ᠠᠴᠠ ᠢᠯᠡᠭᠦᠤ ᠪᠠᠶᠢᠵᠤ᠂ ᠡᠵᠡᠯᠡᠬᠦ ᠬᠠᠷᠢᠴᠠᠯ ᠨᠢ ᠲᠦᠷᠦᠭᠦᠤ | ᠵᠢᠯ ᠤᠨ ᠬᠢ ᠲᠠᠢ ᠦᠨᠳᠦᠰᠦᠨ ᠳᠡᠭᠡᠨ ᠠᠳᠠᠯᠢᠬᠠᠨ ᠪᠠᠶᠢᠪᠠ︔ ᠣᠯᠠᠩᠬᠢ ᠬᠡᠷᠡᠭᠯᠡᠭᠴᠢ ᠨᠢ ᠡᠳᠦᠷ ᠪᠦᠷᠢ ᠭᠠᠷ | ᠤᠳᠠᠰᠤ ᠪᠠᠷ ᠲᠤᠭᠠᠴᠠᠭ᠎ᠠ ᠬᠢᠵᠦ ᠪᠤᠢ︔ ᠵᠢᠷᠤᠭᠠᠰᠤᠨ ᠺᠤᠳ᠋ ᠰᠢᠷᠪᠢᠵᠦ ᠲᠤᠭᠠᠴᠠᠭ᠎ᠠ ᠬᠢᠬᠦ ᠪᠣᠯ ᠬᠡᠷᠡᠭᠯᠡᠭᠴᠢ ᠶᠢᠨ | ᠦᠷᠭᠦᠯᠵᠢ ᠬᠡᠷᠡᠭᠯᠡᠳᠡᠭ ᠭᠠᠷ ᠤᠳᠠᠰᠤ ᠪᠠᠷ ᠲᠤᠭᠠᠴᠠᠭ᠎ᠠ ᠬᠢᠬᠦ ᠠᠷᠭ᠎ᠠ ᠬᠡᠯᠪᠡᠷᠢ ᠪᠣᠯᠤᠨ᠎ᠠ᠂ ᠬᠠᠮᠤᠭ ᠤᠨ ᠭᠤᠤᠯ | ᠬᠡᠷᠡᠭᠯᠡᠵᠦ ᠪᠠᠶᠢᠭ᠎ᠠ ᠭᠠᠵᠠᠷ ᠪᠤᠯ ᠠᠮᠢᠳᠤᠷᠠᠯ ᠤᠨ ᠬᠡᠷᠡᠭᠯᠡᠭᠡ ᠪᠤᠯᠬᠤ ᠪᠦᠭᠡᠳ ᠣᠯᠠᠨ ᠨᠡᠶᠢᠲᠡ ᠶᠢᠨ ᠶᠠᠪᠤᠵᠤ ᠰᠠᠭᠤᠬᠤ | ᠪᠠ ᠤᠰᠤ ᠴᠠᠬᠢᠯᠭᠠᠨ ᠰᠢᠲᠠᠮᠠᠬᠠᠶ ᠬᠡᠶ ᠶᠢᠨ ᠰᠦᠢᠳᠭᠡᠯ ᠲᠤᠰᠢᠶᠠᠬᠤ ᠳᠤ ᠬᠡᠷᠡᠭᠯᠡᠵᠦ ᠪᠤᠢ᠂ ᠬᠤᠶᠠᠷ ᠬᠡᠮᠵᠢᠯᠳᠦ ᠺᠤᠳ᠋ | ᠪᠤᠶᠤ ᠭᠠᠷ ᠤᠳᠠᠰᠤᠨ ᠤ NFC ︵ᠣᠶᠢᠷ᠎ᠠ ᠲᠠᠯᠠᠪᠤᠷ ᠤᠨ ᠴᠢᠮᠡᠭᠡ ᠬᠤᠯᠪᠣᠭ᠎ᠠ︶ ᠶᠢ ᠰᠢᠷᠪᠢᠬᠦ ᠨᠢ ᠬᠡᠷᠡᠭᠯᠡᠭᠴᠢ ᠶᠢᠨ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠳᠤ ᠰᠠᠭᠤᠬᠤ ᠳᠤ ᠲᠣᠭᠠᠴᠠᠭ᠎ᠠ ᠬᠢᠬᠦ ᠲᠡᠷᠢᠭᠦᠨ | ᠰᠣᠩᠭᠤᠯᠲᠠ ᠪᠤᠯᠵᠠᠢ᠃ | ᠭᠠᠷ ᠤᠳᠠᠰᠤ ᠪᠠᠷ ᠲᠣᠭᠠᠴᠠᠭ᠎ᠠ ᠬᠢᠬᠦ ᠶᠠᠪᠤᠳᠠᠯ ᠨᠢ ᠦᠳᠲᠡᠷ ᠲᠦᠷᠭᠡᠨ ᠬᠥᠭᠵᠢᠵᠦ᠂ ᠬᠥᠮᠦᠰ ᠲᠤ ᠮᠠᠰᠢ | ᠣᠯᠠᠨ ᠲᠥᠬᠦᠮ ᠦᠵᠡᠭᠦᠯᠬᠦ ᠪᠤᠯᠤᠬᠰᠡᠨ ᠪᠣᠯᠪᠠᠴᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠳᠡᠭ | ᠬᠡᠷᠡᠭᠯᠡᠭᠴᠢ ᠨᠢ ᠠᠮᠤᠷ ᠲᠦᠪᠰᠢᠨ ᠤ ᠳᠠᠯᠳᠠ ᠬᠡᠮ ᠤᠷᠤᠰᠢᠵᠤ ᠪᠠᠶᠢᠬᠤ ᠪᠠ ᠬᠤᠳᠠᠯᠳᠤᠭᠠᠴᠢᠨ ᠡᠷᠦᠬᠡ ᠳᠡᠮᠵᠢᠬᠦ | ᠥᠬᠡᠶ ᠪᠠᠶᠢᠬᠤ ᠠᠴᠠ ᠬᠠᠮᠤᠬ ᠠᠴᠠ ᠰᠠᠨᠠᠭᠠᠰᠢᠷᠠᠬᠰᠠᠭᠠᠷ ᠢᠷᠡᠵᠡᠢ᠂ ᠡᠨᠡᠬᠦ ᠬᠤᠶᠠᠷ ᠵᠦᠢᠯ ᠳᠤ ᠰᠠᠨᠠᠭᠠᠰᠢᠷᠠᠬᠰᠠᠭᠠᠷ | ᠢᠷᠡᠭᠰᠡᠨ ᠬᠡᠷᠡᠭᠯᠡᠭᠴᠢ ᠲᠣᠰ ᠲᠣᠰ 65% ᠪᠠ 61.9% ᠶᠢ ᠡᠵᠡᠯᠡᠵᠦ ᠪᠠᠶᠢᠨ᠎ᠠ᠃ ᠬᠡᠷᠡᠭᠯᠡᠭᠴᠢ ᠳᠤ ᠦᠷᠭᠦᠯᠵᠢ | ᠲᠣᠬᠢᠶᠠᠯᠳᠤᠳᠠᠭ ᠠᠮᠤᠷ ᠲᠦᠪᠰᠢᠨ ᠤ ᠠᠰᠠᠭᠤᠳᠠᠯ ᠪᠣᠯ ᠮᠥᠨᠬᠦ ᠬᠤᠪᠢ ᠬᠥᠮᠦᠨ ᠤ ᠮᠡᠳᠡᠭᠡ ᠵᠠᠩᠭᠢ ᠵᠠᠳᠠᠷᠠᠬᠤ᠂ | ᠲᠠᠩᠰᠠᠨ ᠳᠠᠬᠢ ᠪᠠᠯᠠ ᠮᠥᠩᠭᠦ ᠨᠢ ᠬᠤᠯᠠᠭᠠᠶᠢᠯᠠᠭᠳᠠᠬᠤ ᠪᠠ ᠬᠤᠳᠠᠯ ᠬᠠᠭᠤᠷᠮᠠᠭ ᠵᠢᠷᠤᠭᠠᠰᠤᠨ ᠺᠣᠳ᠋ ᠲᠤ ᠰᠢᠷᠪᠢᠭᠳᠡᠬᠦ | ᠶᠠᠪᠤᠳᠠᠯ ᠪᠤᠯᠤᠨ᠎ᠠ᠂ ᠡᠭᠦᠨ ᠳᠤ ᠨᠢᠭᠡᠳᠦᠭᠡᠷ ᠲᠤ ᠵᠢᠭᠰᠠᠭᠠᠭᠳᠠᠭᠰᠠᠨ ᠬᠤᠪᠢ ᠬᠥᠮᠦᠨ ᠤ ᠮᠡᠳᠡᠭᠡ ᠵᠠᠩᠭᠢ ᠵᠠᠳᠠᠷᠠᠬᠤ | ᠶᠠᠪᠤᠳᠠᠯ 80.3% ᠶᠢ ᠡᠵᠡᠯᠡᠵᠦ ᠪᠠᠶᠢᠨ᠎ᠠ᠃ | ᠡᠭᠦᠨ ᠠᠴᠠ ᠦᠵᠡᠪᠡᠯ᠂ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠶᠢᠨ ᠠᠮᠤᠷ ᠲᠦᠪᠰᠢᠨ ᠢ | ᠴᠢᠬᠤᠯᠠᠴᠢᠯᠠᠬᠤ ᠶᠠᠪᠤᠳᠠᠯ ᠢ ᠦᠷᠭᠦᠯᠵᠢᠯᠡᠨ ᠴᠢᠩᠭᠠᠳᠬᠠᠵᠤ᠂ ᠲᠠᠩᠰᠠᠨ ᠳᠠᠬᠢ ᠪᠠᠯᠠ ᠮᠥᠩᠭᠦ ᠶᠢᠨ ᠠᠮᠤᠷ | ᠲᠦᠪᠰᠢᠨ ᠢ ᠠᠩᠬᠠᠷᠬᠤ ᠶᠢᠨ ᠬᠠᠮᠲᠤ ᠪᠠᠰᠠ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢᠶᠠᠨ | ᠬᠠᠮᠠᠭᠠᠯᠠᠬᠤ ᠶᠢ ᠮᠠᠰᠢ ᠴᠢᠬᠤᠯᠠᠴᠢᠯᠠᠬᠤ ᠬᠡᠷᠡᠭᠳᠡᠢ᠃ ᠲᠤᠰᠬᠠᠶ ᠮᠡᠷᠭᠡᠵᠢᠯᠲᠡᠨ ᠠᠴᠠ᠂ ᠵᠠᠬ᠎ᠠ ᠳᠡᠯᠭᠡᠭᠦᠷ ᠤᠨ ᠭᠤᠤᠯ | ᠴᠣᠭᠴᠠ ᠨᠢ ᠬᠡᠷᠡᠭᠯᠡᠭᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠲᠦᠭᠰᠢᠭᠦᠷᠢ ᠶᠢᠨ ᠬᠠᠮᠢᠶᠠᠷᠤᠯᠲᠠ ᠶᠢᠨ | ᠰᠢᠰᠲ᠋ᠧᠮ ᠳᠤ ᠣᠷᠣᠭᠤᠯᠵᠤ᠂ ᠬᠡᠷᠡᠭᠯᠡᠭᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠲᠦᠷᠢᠮ ᠢ ᠲᠤᠬᠳᠠᠭᠠᠨ | ᠪᠦᠷᠢᠨᠰᠢᠬᠦᠯᠵᠦ᠂ ᠰᠡᠷᠭᠡᠭ ᠮᠡᠳᠡᠭᠡ ᠵᠠᠩᠭᠢ ᠶᠢ ᠬᠠᠮᠠᠭᠠᠯᠠᠬᠤ ᠶᠢ ᠴᠢᠩᠭᠠᠳᠬᠠᠨ᠂ ᠬᠡᠷᠡᠭᠯᠡᠭᠴᠢ ᠶᠢᠨ ᠮᠡᠳᠡᠭᠡ ᠵᠠᠩᠭᠢ ᠶᠢᠨ | ᠪᠥᠬᠦ ᠦᠶᠡᠯᠡᠯ ᠤᠨ ᠬᠤᠭᠤᠴᠠᠭᠠᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠦ ᠰᠠᠨᠠᠭᠤᠯᠪᠠ᠃ | | ᠪᠠᠯᠠ ᠮᠥᠩᠭᠦ ᠪᠤᠶᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠰᠠᠭᠤᠳᠠᠯ ᠲᠤᠯᠭᠠᠷᠠᠪᠠᠯ ᠶᠠᠭᠠᠬᠢᠪᠠᠯ | ᠵᠣᠬᠢᠬᠤ ᠪᠣᠶ︖ ᠪᠠᠶᠢᠴᠠᠭᠠᠯᠲᠠ ᠳᠤ ᠢᠯᠡᠷᠡᠬᠦᠯᠦᠭᠰᠡᠨ ᠢᠶᠠᠷ᠂ 2019 ᠣᠨ ᠳᠤ᠂ ᠭᠠᠷ ᠤᠳᠠᠰᠤ ᠪᠠᠷ ᠲᠣᠭᠠᠴᠠᠭ᠎ᠠ | ᠬᠢᠳᠡᠭ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠶᠠᠪᠤᠴᠠ ᠳᠤ ᠪᠠᠯᠠ ᠮᠥᠩᠭᠦ ᠬᠤᠬᠢᠷᠠᠬᠤ᠂ ᠮᠡᠳᠡᠭᠡ | ᠵᠠᠩᠭᠢ ᠵᠠᠳᠠᠷᠠᠬᠤ ᠵᠡᠷᠭᠡ ᠠᠮᠤᠷ ᠲᠦᠪᠰᠢᠨ ᠤ ᠠᠰᠠᠭᠤᠳᠠᠯ ᠢ ᠤᠯᠵᠤ ᠮᠡᠳᠡᠭᠰᠡᠨ ᠪᠤᠶᠤ ᠡᠶᠢᠮᠦ ᠠᠰᠠᠭᠤᠳᠠᠯ | ᠭᠠᠷᠤᠬᠰᠠᠨ ᠦᠶ᠎ᠡ ᠳᠤ᠂ ᠬᠠᠮᠤᠬ ᠠᠴᠠ ᠤᠯᠠᠨ ᠠᠪᠤᠬᠰᠠᠨ ᠠᠷᠭ᠎ᠠ ᠪᠠᠷᠢᠯ ᠬᠡᠪᠡᠯ ᠪᠠᠩᠬᠢ ᠪᠤᠶᠤ ᠲᠣᠭᠠᠴᠠᠭ᠎ᠠ ᠬᠢᠬᠦ | ᠪᠠᠶᠢᠭᠤᠯᠤᠮᠵᠢ ᠲᠠᠢ ᠬᠠᠷᠢᠯᠴᠠᠵᠤ ᠪᠠᠶᠢᠭᠠᠳ ᠲᠤᠭᠠᠴᠠᠭ᠎ᠠ ᠬᠢᠳᠡᠭ ᠬᠠᠮᠢᠶ᠎ᠠ ᠪᠦᠬᠦᠢ ᠲᠠᠩᠰᠠᠨ ᠨᠣᠮᠧᠷ ᠢᠶᠠᠨ | ᠪᠢᠳᠡᠬᠦᠮᠵᠢᠯᠡᠬᠦᠯᠪᠡ᠂ ᠡᠶᠢᠮᠦ ᠬᠡᠷᠡᠭᠯᠡᠭᠴᠢ ᠨᠢ 79.6% ᠶᠢ ᠡᠵᠡᠯᠡᠪᠡ︔ ᠪᠠᠩᠬᠢ ᠪᠤᠶᠤ ᠲᠣᠭᠠᠴᠠᠭ᠎ᠠ ᠬᠢᠬᠦ | ᠪᠠᠶᠢᠭᠤᠯᠤᠮᠵᠢ ᠠᠴᠠ ᠰᠢᠢᠳᠪᠦᠷᠢᠯᠡᠬᠦ ᠠᠷᠭ᠎ᠠ ᠯᠠᠪᠯᠠᠨ ᠠᠰᠠᠭᠤᠬᠰᠠᠨ ᠪᠠ ᠬᠤᠯᠪᠣᠭᠳᠠᠯ ᠪᠥᠬᠦᠶ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠨᠡᠶᠢᠭᠡᠮᠯᠢᠭ ᠲᠤ ᠵᠠᠭᠠᠯᠳᠤᠬᠰᠠᠨ᠂ ᠢᠯᠡᠴᠢᠯᠡᠨ | ᠮᠡᠳᠡᠭᠦᠯᠦᠭᠰᠡᠨ ᠬᠡᠷᠡᠭᠯᠡᠭᠴᠢ ᠨᠢ ᠨᠡᠷᠡᠰ ᠤᠨ ᠵᠢᠭᠰᠠᠭᠠᠯᠲᠠ ᠳᠤ ᠬᠤᠶᠠᠳᠤᠭᠠᠷ ᠪᠠ ᠭᠤᠷᠪᠠᠳᠤᠭᠠᠷ ᠲᠤ ᠣᠷᠣᠵᠤ᠂ ᠲᠣᠰ | ᠲᠣᠰ 61% ᠪᠠ 60.7% ᠶᠢ ᠡᠵᠡᠯᠡᠪᠡ︔ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭ᠎ᠠ ᠮᠠᠶ᠋ᠢᠭ ᠢ ᠣᠶᠢᠯᠠᠭᠠᠬᠤ | ᠥᠬᠡᠶ ᠬᠡᠷᠡᠭᠯᠡᠭᠴᠢ ᠨᠢ 18.9% ᠶᠢ ᠡᠵᠡᠯᠡᠵᠠᠢ᠃ | ᠲᠤᠰᠬᠠᠢ ᠮᠡᠷᠭᠡᠵᠢᠯᠳᠡᠨ ᠠᠴᠠ᠂ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠦᠶ᠎ᠡ ᠳᠤ᠂ ᠠᠶᠤᠯ | ᠲᠦᠭᠰᠢᠬᠦᠷᠢ ᠶᠢ ᠰᠡᠷᠭᠡᠶᠢᠯᠡᠬᠦ ᠦᠵᠡᠯ ᠤᠬᠠᠮᠰᠠᠷ ᠲᠠᠢ ᠪᠠᠶᠢᠬᠤ ᠬᠡᠷᠡᠭᠳᠡᠢ᠂ ᠢᠯᠠᠩᠭᠤᠶ᠎ᠠ ᠨᠢᠭᠤᠴᠠ ᠳ᠋ᠤᠭᠠᠷ ᠭᠡᠷᠡᠭᠯᠡᠬᠦ | ᠦᠭᠡᠢ ᠪᠠᠷ ᠲᠤᠭᠠᠴᠠᠭ᠎ᠠ ᠬᠢᠬᠦ ᠪᠤᠶᠤ ᠠᠦ᠋ᠲ᠋ᠣ᠋ ᠪᠠᠷ ᠵᠣᠭᠤᠰ ᠰᠠᠭᠤᠯᠭᠠᠨ ᠠᠪᠬᠤ ᠵᠡᠷᠭᠡ ᠲᠤᠬᠠᠶᠢᠯᠠᠭᠰᠠᠨ ᠠᠵᠢᠯ ᠢ | ᠰᠣᠩᠭᠤᠬᠰᠠᠨ ᠬᠡᠷᠡᠭᠯᠡᠭᠴᠢ ᠨᠢ ᠭᠠᠷ ᠤᠳᠠᠰᠤᠨ ᠲᠡᠭᠡᠷ᠎ᠡ ᠪᠠᠨ ᠬᠤᠯᠪᠤᠬᠤ ᠦᠶ᠎ᠡ ᠳᠤ ᠬᠤᠯᠪᠣᠭᠳᠠᠯ ᠪᠦᠬᠦᠢ ᠵᠦᠢᠯ | ᠵᠤᠷᠪᠤᠰ ᠢ ᠨᠠᠷᠢᠨ ᠨᠢᠮᠪᠠᠶ ᠤᠩᠰᠢᠵᠤ᠂ ᠬᠠᠷᠢᠭᠤᠴᠠᠯᠭ᠎ᠠ ᠪᠣᠯᠤᠨ ᠲᠦᠭᠰᠢᠭᠦᠷᠢ ᠶᠢ ᠲᠣᠳᠣᠷᠬᠠᠶ ᠮᠡᠳᠡᠬᠦ ᠬᠡᠷᠡᠭᠲᠡᠶ᠃ | ᠡᠭᠦᠨ ᠤ ᠬᠠᠮᠳᠤ᠂ ᠭᠠᠷ ᠤᠳᠠᠰᠤ ᠪᠠᠷ ᠲᠤᠭᠠᠴᠠᠭ᠎ᠠ ᠬᠢᠬᠦ ᠲᠤᠨᠤᠭ ᠤᠨ ᠠᠮᠤᠷ ᠲᠦᠪᠰᠢᠨ ᠢ ᠰᠠᠶᠢᠳᠤᠷ ᠬᠠᠮᠠᠭᠠᠯᠠᠬᠤ | ᠬᠡᠷᠡᠭᠳᠡᠢ᠃ ᠲᠤᠨᠤᠭ ᠭᠡᠭᠡᠭᠳᠡᠭᠰᠡᠨ ᠪᠤᠶᠤ ᠲᠠᠩᠰᠠᠨ ᠨᠣᠮᠧᠷ ᠬᠤᠯᠠᠭᠠᠶᠢᠯᠠᠭᠳᠠᠭᠰᠠᠨ ᠢ ᠣᠯᠵᠤ ᠮᠡᠳᠡᠪᠡᠯ᠂ ᠬᠡᠷᠡᠭᠯᠡᠭᠴᠢ ᠨᠢ | ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠳᠡᠢ᠂ ᠵᠢᠱᠢᠶᠡᠯᠡᠪᠡᠯ ᠨᠢᠭᠤᠴᠠ ᠨᠣᠮᠧᠷ ᠢᠶᠠᠨ ᠦᠭᠡᠷᠡᠴᠢᠯᠡᠵᠦ᠂ | ᠬᠠᠮᠢᠶ᠎ᠠ ᠪᠥᠬᠦᠶ ᠡᠷᠬᠡ ᠣᠯᠭᠤᠯᠲᠠ ᠶᠢ ᠬᠦᠴᠦᠨ ᠥᠬᠡᠶ ᠪᠣᠯᠭᠠᠵᠤ᠂ ᠡᠵᠡᠩᠨᠡᠭᠴᠢ ᠵᠢᠴᠢ ᠭᠤᠷᠪᠠᠳᠠᠭᠢ ᠡᠲᠡᠭᠡᠳ ᠤᠨ | ᠲᠤᠭᠠᠴᠠᠭ᠎ᠠ ᠬᠢᠬᠦ ᠺᠣᠮᠫᠠᠨᠢ ᠲᠠᠢ ᠬᠠᠷᠢᠯᠴᠠᠵᠤ᠂ ᠤᠯᠠᠮ ᠠᠴᠠ ᠤᠯᠠᠨ ᠵᠤᠭᠤᠰ ᠢ ᠬᠤᠯᠠᠭᠠᠶᠢᠯᠠᠨ ᠰᠢᠷᠪᠢᠬᠦ ᠶᠢ | ᠰᠡᠷᠭᠡᠶᠢᠯᠡᠬᠦ ᠬᠡᠷᠡᠭᠲᠡᠶ᠃ ᠨᠢᠭᠡᠨᠲᠡ ᠬᠤᠯᠠᠭᠠᠶᠢᠯᠠᠬᠳᠠᠬᠰᠠᠨ ᠵᠣᠭᠤᠰ ᠮᠦᠡᠭᠭᠦ ᠶᠢᠨ ᠪᠠᠶᠢᠳᠠᠯ ᠢᠶᠠᠨ ᠴᠠᠭ ᠲᠤᠬᠠᠶ ᠳᠤᠨᠢ | ᠲᠣᠭᠠᠴᠠᠭ᠎ᠠ ᠬᠢᠬᠦ ᠲᠠᠪᠴᠠᠩ ᠳᠤ ᠲᠤᠰᠬᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠤᠰᠢᠶᠠᠵᠤ᠂ ᠭᠡᠷᠡᠴᠢ | ᠪᠠᠷᠢᠮᠲᠠ ᠶᠢ ᠬᠠᠳᠠᠭᠠᠯᠠᠵᠤ᠂ ᠬᠤᠵᠢᠮ ᠪᠦᠲᠦᠮᠵᠢᠲᠡᠶ ᠪᠠᠷ ᠡᠷᠬᠡ ᠪᠠᠨ ᠬᠠᠮᠠᠭᠠᠯᠠᠬᠤ ᠳᠤ ᠳᠥᠭᠦᠮ ᠪᠤᠯᠭᠠᠵᠤ᠂ | ᠴᠢᠬᠤᠯᠠ ᠲᠠᠢ ᠦᠶ᠎ᠡ ᠳᠤ ᠵᠠᠷᠭᠤᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷ ᠤᠨ ᠬᠠᠤᠯᠢ ᠶᠣᠰᠣᠨ ᠤ | ᠡᠷᠬᠡ ᠠᠰᠢᠭ ᠢᠶᠠᠨ ᠬᠠᠮᠠᠭᠠᠯᠠᠵᠤ ᠪᠣᠯᠤᠨ᠎ᠠ ᠬᠡᠵᠦ ᠰᠠᠨᠠᠭᠤᠯᠵᠠᠢ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2018 ᠣᠨ ᠢ ᠪᠤᠳᠤᠪᠠᠯ᠂ ᠬᠥᠮᠦᠨ ᠤ ᠵᠢᠰᠦ ᠶᠢ ᠢᠯᠭᠠᠨ | ᠲᠠᠨᠢᠬᠤ ᠮᠡᠷᠭᠡᠵᠢᠯ ᠢ ᠣᠶᠢᠯᠠᠭᠠᠬᠤ ᠭᠠᠷ ᠤᠳᠠᠰᠤ ᠪᠠᠷ ᠲᠣᠭᠠᠴᠠᠭ᠎ᠠ ᠬᠢᠬᠦ ᠬᠡᠷᠡᠭᠯᠡᠭᠴᠢ 10 ᠵᠠᠭᠤᠨ ᠤ ᠬᠤᠪᠢ ᠶᠢᠨ | ᠴᠡᠭ ᠰᠢᠬᠠᠮ ᠨᠡᠮᠡᠭᠳᠡᠵᠦ᠂ 84.4% ᠶᠢᠨ ᠬᠡᠷᠡᠭᠯᠡᠭᠴᠢ ᠨᠢ ᠠᠮᠢᠳᠤ ᠪᠣᠳᠠᠰ ᠢ ᠢᠯᠭᠠᠨ ᠲᠠᠨᠢᠬᠤ ᠮᠡᠷᠭᠡᠵᠢᠯ ᠢᠶᠠᠷ ᠭᠠᠷ | ᠤᠳᠠᠰᠤ ᠪᠠᠷ ᠲᠤᠭᠠᠴᠠᠭ᠎ᠠ ᠬᠢᠬᠦ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠠᠷᠠᠯᠵᠢᠶ᠎ᠡ ᠬᠢᠬᠦ ᠶᠢ ᠰᠢᠯᠭᠠᠨ | ᠪᠠᠲᠤᠯᠠᠬᠤ ᠶᠢ ᠬᠦᠯᠢᠶᠡᠨ ᠠᠪᠴᠤ ᠬᠡᠷᠡᠭᠯᠡᠵᠦ ᠪᠠᠶᠢᠨ᠎ᠠ᠃ ᠭᠡᠪᠡᠴᠦ ᠬᠡᠷᠡᠭᠯᠡᠭᠴᠢ ᠨᠢ ᠠᠮᠢᠳᠤ ᠪᠣᠳᠠᠰ ᠢ ᠢᠯᠭᠠᠨ | ᠲᠠᠨᠢᠬᠤ ᠮᠡᠷᠭᠡᠵᠢᠯ ᠢ ᠬᠡᠷᠡᠭᠯᠡᠬᠦ ᠳᠡᠭᠡᠨ ᠡᠩ ᠲᠡᠷᠢᠭᠦᠨ ᠳᠤ ᠮᠦᠨᠬᠦ ᠬᠤᠪᠢ ᠬᠥᠮᠦᠨ ᠤ ᠨᠢᠭᠤᠴᠠ ᠵᠠᠳᠠᠷᠠᠬᠤ ᠪᠠ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠲᠤᠬᠠᠢ ᠰᠠᠨᠠᠭᠠᠰᠢᠷᠠᠬᠰᠠᠭᠠᠷ ᠢᠷᠡᠵᠡᠢ᠂ ᠡᠳᠡᠭᠡᠷ ᠵᠦᠢᠯ ᠳᠤ | ᠰᠠᠨᠠᠭᠠᠰᠢᠷᠠᠬᠰᠠᠭᠠᠷ ᠢᠷᠡᠭᠰᠡᠨ ᠬᠡᠷᠡᠭᠯᠡᠭᠴᠢ ᠨᠢ ᠲᠣᠰ ᠲᠣᠰ 76.9% ᠪᠠ 71.3% ᠡᠵᠡᠯᠡᠵᠦ ᠪᠠᠶᠢᠨ᠎ᠠ᠃ | | ᠠᠵᠢᠯ ᠲᠥᠷᠥᠯ ᠤᠨ ᠬᠥᠮᠦᠰ ᠤᠨ ᠦᠵᠡᠬᠦ ᠪᠠᠷ᠂ ᠲᠦᠢᠯ ᠤᠨ ᠠᠮᠤᠷ ᠲᠦᠪᠰᠢᠨ ᠮᠡᠷᠭᠡᠵᠢᠯ ᠭᠡᠵᠦ ᠪᠠᠶᠢᠬᠤ | ᠥᠬᠡᠶ᠂ ᠵᠢᠱᠢᠶᠡᠯᠡᠪᠡᠯ ᠬᠥᠮᠦᠨ ᠤ ᠵᠢᠰᠦ ᠶᠢ ᠢᠯᠭᠠᠨ ᠲᠠᠨᠢᠬᠤ ᠮᠡᠷᠭᠡᠵᠢᠯ ᠨᠢ ᠨᠢᠭᠡᠨᠲᠡ ᠮᠠᠰᠢ ᠣᠯᠠᠨ ᠬᠦᠷᠢᠶᠡᠨ ᠳᠤ | ᠬᠡᠷᠡᠭᠯᠡᠭᠳᠡᠵᠦ ᠪᠠᠶᠢᠨ᠎ᠠ᠂ ᠲᠡᠷᠡ ᠨᠢ ᠤᠯᠠᠮᠵᠢᠯᠠᠯᠲᠤ ᠨᠢᠭᠤᠴᠠ ᠨᠣᠮᠧᠷ᠂ ᠴᠢᠫ ᠢ ᠪᠤᠳᠤᠪᠠᠯ ᠮᠠᠰᠢ ᠣᠯᠠᠨ ᠥᠪᠡᠷᠮᠢᠴᠡ | ᠳᠠᠪᠠᠭᠤᠯᠢᠭ ᠲᠠᠯ᠎ᠠ ᠲᠠᠢ ᠪᠣᠯᠪᠠᠴᠤ ᠪᠠᠰᠠ ᠲᠠᠶᠢᠯᠤᠬᠳᠠᠵᠤ ᠮᠡᠳᠡᠨ᠎ᠡ᠃ ᠠᠮᠤᠷ ᠲᠦᠪᠰᠢᠨ ᠤ ᠲᠠᠯ᠎ᠠ ᠠᠴᠠ | ᠪᠣᠳᠣᠯᠬᠢᠯᠠᠪᠠᠯ᠂ ᠬᠠᠮᠤᠭ ᠰᠠᠶᠢᠨ ᠨᠢ ᠣᠯᠠᠨ ᠵᠦᠢᠯ ᠤᠨ ᠰᠢᠯᠭᠠᠨ ᠪᠠᠲᠤᠯᠠᠬᠤ ᠠᠷᠭ᠎ᠠ ᠮᠠᠶ᠋ᠢᠭ ᠢ ᠰᠣᠯᠪᠢᠴᠠᠭᠤᠯᠤᠨ | ᠬᠡᠷᠡᠭᠯᠡᠵᠦ᠂ ᠢᠯᠠᠩᠭᠤᠶ᠎ᠠ ᠠᠮᠤᠷ ᠲᠦᠪᠰᠢᠨ ᠤ ᠱᠠᠭᠠᠷᠳᠠᠯᠭ᠎ᠠ ᠲᠦᠢᠯ ᠤᠨ ᠥᠨᠳᠥᠷ ᠮᠥᠩᠭᠦᠨ ᠬᠦᠢᠯᠭᠡᠭᠡᠨ ᠤ | ᠲᠠᠯᠠᠪᠠᠢ ᠳᠤ ᠬᠡᠷᠡᠭᠯᠡᠬᠦ ᠬᠡᠷᠡᠭᠳᠡᠢ᠃ ᠵᠢᠱᠢᠶᠡᠯᠡᠪᠡᠯ᠂ ᠬᠡᠷᠡᠯ ᠵᠢᠷᠤᠭ᠂ ᠸᠢᠳᠢᠣ᠋ ᠨᠡᠪᠲᠡᠷᠡᠭᠦᠯᠭᠡ᠂ 3D ᠲᠣᠯᠣᠭᠠᠶ ᠶᠢᠨ | ᠪᠦᠷᠬᠦᠪᠴᠢ ᠵᠡᠷᠭᠡ ᠬᠠᠭᠤᠷᠮᠠᠭ ᠨᠢᠭᠤᠷ ᠤᠨ ᠳᠠᠭᠠᠷᠢᠯᠲᠠ ᠶᠢ ᠰᠡᠷᠭᠡᠶᠢᠯᠡᠬᠦ ᠶᠢᠨ ᠲᠥᠯᠥᠭᠡ᠂ ᠪᠠᠩᠬᠢ ᠨᠢ ᠨᠢᠭᠤᠷ ᠢᠶᠠᠨ | ᠰᠢᠷᠪᠢᠵᠦ ᠵᠣᠭᠤᠰ ᠭᠠᠷᠭᠠᠨ ᠠᠪᠬᠤ ᠶᠢᠨ ᠵᠡᠷᠭᠡᠪᠡᠷ ᠬᠥᠮᠦᠨ ᠤ ᠵᠢᠰᠦ ᠶᠢ ᠢᠯᠭᠠᠨ ᠲᠠᠨᠢᠬᠤ᠂ ᠭᠠᠷ ᠤᠲᠠᠰᠤᠨ ᠤ | ᠨᠣᠮᠧᠷ ᠪᠤᠶᠤ ᠪᠡᠶ᠎ᠡ ᠶᠢᠨ ᠦᠨᠡᠮᠯᠡᠯ ᠢ ᠰᠢᠯᠭᠠᠨ ᠪᠠᠲᠤᠯᠠᠬᠤ᠂ ᠨᠢᠭᠤᠴᠠ ᠨᠣᠮᠧᠷ ᠢ ᠰᠢᠯᠭᠠᠨ ᠪᠠᠲᠤᠯᠠᠬᠤ ᠭᠤᠷᠪᠠᠨ | ᠳᠠᠪᠬᠤᠷ ᠬᠠᠮᠠᠭᠠᠯᠠᠯᠲᠠ ᠬᠢᠬᠦ ᠬᠡᠷᠡᠭᠳᠡᠢ ᠬᠡᠪᠡ᠃ |