ᠮᠠᠨ ᠤ ᠬᠤᠲᠠ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-08-12
     8 ᠰᠠᠷ᠎ᠠ ᠶᠢᠨ 11 ᠤ ᠡᠳᠦᠷ ᠠᠴᠠ 20 ᠤ ᠡᠳᠦᠷ ᠪᠣᠯᠲᠠᠯ᠎ᠠ᠂ ᠮᠠᠨ ᠤ ᠬᠤᠲᠠ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠠᠭᠤᠴᠢᠨ ᠰᠠᠭᠤᠭᠠᠯᠢ ᠲᠣᠭᠤᠷᠢᠭ᠂ ᠵᠡᠭᠡᠯᠢ ᠳᠠᠭᠠᠭᠰᠠᠨ ᠵᠢᠵᠢᠭ ᠭᠤᠳᠤᠮᠵᠢ᠂ ᠬᠤᠲᠠ ᠬᠦᠳᠡᠭᠡ ᠶᠢᠨ ᠠᠭᠤᠯᠵᠠᠷ ᠬᠡᠰᠡᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠪᠡ᠃      ᠡᠨᠡᠬᠦ ᠬᠤᠭᠤᠴᠠᠭᠠᠨ ᠳᠤ᠂ ᠡᠯ᠎ᠡ ᠲᠣᠭᠤᠷᠢᠭ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠠᠳᠠᠯ ᠠᠬᠤᠢ ᠶᠢᠨ ᠺᠣᠮᠫᠠᠨᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ ᠶᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠵᠢᠵᠢᠭ ᠲᠣᠭᠤᠷᠢᠭ᠂ ᠵᠡᠭᠡᠯᠢ ᠶᠢᠨ ᠠᠷᠤ ᠶᠢᠨ ᠵᠢᠵᠢᠭ ᠭᠤᠳᠤᠮᠵᠢ᠂ ᠪᠠᠶᠢᠰᠢᠩᠲᠤ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠬᠤᠭ ᠨᠣᠪᠰᠢ ᠶᠢ ᠭᠤᠤᠯᠳᠠᠯᠭ᠎ᠠ ᠲᠠᠢ ᠢᠯᠭᠠᠷᠠᠭᠤᠯᠵᠤ᠂ ᠰᠠᠭᠤᠭᠠᠯᠢ ᠠᠷᠠᠳ ᠤᠨ ᠠᠰᠠᠷ ︵ᠬᠦᠷᠢᠶ᠎ᠡ︶ ᠲᠤ ᠲᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠳᠤᠷ᠎ᠠ ᠪᠠᠷ ᠢᠶᠠᠨ ᠪᠠᠶᠢᠭᠤᠯᠬᠤ᠂ ᠡᠯᠳᠡᠪ ᠶᠠᠭᠤᠮ᠎ᠠ ᠪᠠᠷ ᠭᠠᠯ ᠤᠨᠲᠠᠷᠠᠭᠠᠬᠤ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠵᠡᠷᠭᠡ ᠠᠮᠢᠳᠤᠷᠠᠯ ᠤᠨ ᠣᠷᠴᠢᠨ ᠲᠣᠭᠤᠷᠢᠨ ᠤ ᠪᠤᠵᠠᠷ ᠰᠠᠮᠠᠭᠤᠨ ᠵᠠᠮᠪᠠᠷᠠᠭ᠎ᠠ ᠦᠭᠡᠢ ᠪᠠᠶᠢᠳᠠᠯ ᠢ ᠰᠢᠢᠳᠪᠦᠷᠢᠯᠡᠪᠡ︔ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠠᠵᠢᠯ ᠤᠨ ᠲᠠᠯᠠᠪᠤᠷ ᠵᠢᠴᠢ ᠡᠷᠭᠢᠨ ᠲᠤᠭᠤᠷᠢᠨ ᠤ ᠣᠷᠴᠢᠨ ᠲᠣᠭᠤᠷᠢᠨ ᠤ ᠪᠤᠵᠠᠷ ᠪᠤᠷᠲᠠᠭ ᠢ ᠠᠷᠢᠯᠭᠠᠨ ᠰᠠᠮᠠᠭᠤᠨ ᠢ ᠵᠠᠰᠠᠬᠤ ᠶᠡᠭᠡ ᠴᠡᠪᠡᠷᠯᠡᠯᠲᠡ ᠶᠢ ᠭᠤᠤᠯᠳᠠᠯᠭ᠎ᠠ ᠲᠠᠢ ᠥᠷᠨᠢᠭᠦᠯᠵᠦ᠂ ᠡᠷᠡᠭᠦᠯ ᠬᠠᠮᠠᠭᠠᠯᠠᠯ ᠤᠨ ᠦᠯᠦ ᠣᠨᠣᠭᠳᠠᠬᠤ ᠭᠠᠵᠠᠷ ᠢ ᠲᠦᠢᠯᠪᠤᠷᠢᠲᠠᠢ ᠴᠡᠪᠡᠷᠯᠡᠬᠦ ᠶᠢᠨ ᠬᠠᠮᠲᠤ ᠲᠣᠭᠲᠠᠭᠰᠠᠨ ᠴᠠᠭ ᠲᠤ ᠴᠡᠪᠡᠷᠯᠡᠨ ᠠᠷᠢᠭᠤᠳᠬᠠᠪᠠ︔ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠵᠢᠵᠢᠭ ᠦᠢᠯᠡᠳᠬᠡᠯ᠂ ᠨᠡᠭᠦᠲᠡᠯ ᠳᠡᠯᠭᠡᠭᠦᠷᠴᠢᠨ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠᠷᠤᠭᠲᠠᠢ᠂ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠪᠠ︔ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠲᠦᠷᠦᠭᠦᠯᠡᠨ ᠥᠷᠨᠢᠭᠦᠯᠵᠦ᠂ ᠲᠠᠷᠢᠶᠠᠯᠠᠬᠤ ᠣᠷᠣᠨ ᠳᠤ ᠣᠷᠣᠰᠢᠵᠤ ᠪᠠᠶᠢᠭ᠎ᠠ ᠬᠤᠭ ᠨᠣᠪᠰᠢ ᠶᠢᠨ ᠣᠪᠣᠭ᠎ᠠ᠂ ᠮᠠᠯ ᠵᠢᠭᠦᠷᠲᠡᠨ ᠤ ᠰᠢᠭᠡᠭ ᠤᠨ ᠤᠪᠤᠭ᠎ᠠ ᠶᠢ ᠴᠡᠪᠡᠷᠯᠡᠵᠦ᠂ ᠵᠣᠷᠯᠣᠩ ᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠬᠤ᠂ ᠭᠠᠵᠠᠷ ᠪᠤᠯᠭᠠᠨ ᠳᠤ ᠪᠠᠭᠠᠵᠦ ᠰᠢᠬᠡᠬᠦ᠂ ᠡᠯᠳᠡᠪ ᠶᠠᠭᠤᠮ᠎ᠠ ᠣᠪᠣᠭᠠᠯᠠᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠪᠠ᠃ ᠦᠯᠦ ᠣᠨᠣᠭᠳᠠᠬᠤ ᠭᠠᠵᠠᠷ ᠢ ᠳᠣᠪᠤᠶᠢᠯᠭᠠᠨ ᠴᠡᠪᠡᠷᠯᠡᠵᠦ᠂ ︽ᠪᠤᠵᠠᠷ ᠪᠤᠷᠲᠠᠭ ︾ ᠠᠴᠠ ︽ᠰᠠᠮᠠᠭᠤᠨ ᠪᠠᠶᠢᠳᠠᠯ ᠢ ᠵᠠᠰᠠᠬᠤ︾ ᠵᠦᠭ ᠥᠷᠭᠡᠳᠬᠡᠵᠦ᠂ ᠠᠶᠢᠯ ᠲᠣᠰᠬᠤᠨ ᠤ ᠨᠢᠭᠤᠷ ᠲᠠᠯ᠎ᠠ ᠠᠴᠠ ᠭᠡᠷ ᠳᠣᠲᠣᠷᠠᠬᠢ ᠬᠦᠷᠢᠶ᠎ᠡ ᠬᠠᠰᠢᠶ᠎ᠠ᠂ ᠠᠶᠢᠯ ᠲᠣᠰᠬᠤᠨ ᠤ ᠡᠷᠬᠢᠨ ᠲᠣᠭᠤᠷᠢᠨ ᠢ ᠴᠡᠪᠡᠷ ᠪᠠᠶᠢᠯᠭᠠᠬᠤ ᠲᠡᠰᠢ ᠦᠷᠭᠡᠳᠭᠡᠪᠡ ︔ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠰᠠᠮᠠᠯ ᠵᠠᠮ ᠤᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠲᠦᠷᠦᠭᠦᠯᠡᠨ ᠥᠷᠨᠢᠭᠦᠯᠵᠦ᠂ ᠤᠯᠤᠰ ᠤᠨ ᠵᠠᠮ᠂ ᠬᠤᠲᠠ ᠶᠢᠨ ᠬᠤᠭᠤᠷᠣᠨᠳᠣᠬᠢ ᠲᠦᠷᠭᠡᠨ ᠨᠡᠪᠲᠡᠷᠡᠬᠦ ᠵᠠᠮ ᠵᠡᠷᠭᠡ ᠣᠷᠣᠨ ᠪᠦᠰᠡ ᠶᠢᠨ ᠬᠤᠭᠤᠷᠤᠨᠳᠣᠭᠢ ᠭᠤᠤᠯᠳᠠᠯᠭ᠎ᠠ ᠲᠠᠢ ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠰᠠᠭᠤᠳᠠᠯ ᠢ ᠴᠢᠩᠭᠠᠳᠬᠠᠪᠠ᠃      ᠡᠭᠦᠨ ᠤ ᠬᠠᠮᠲᠤ᠂ ᠮᠠᠨ ᠤ ᠬᠤᠲᠠ ᠪᠦᠬᠦ ᠬᠤᠲᠠ ᠶᠢᠨ ᠠᠷᠠᠳ ᠢ ᠵᠣᠬᠢᠶᠠᠨ ᠪᠠᠶᠢᠭᠤᠯᠤᠨ ᠳᠠᠶᠢᠴᠢᠯᠠᠵᠤ ︽ᠪᠦᠬᠦ ᠠᠷᠠᠳ ᠤᠷᠤᠯᠴᠠᠭᠰᠠᠨ ᠤᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ︾ ᠶᠢᠨ ᠠᠵᠢᠯᠯᠠᠭ᠎ᠠ ᠶᠢ ᠥᠷᠨᠢᠭᠦᠯᠵᠦ᠂  ᠨᠠᠮ ᠤᠨ ᠭᠡᠰᠢᠭᠦᠨ ᠪᠦᠬᠦᠳᠡᠭᠡᠷ ᠢᠶᠠᠨ ᠲᠦᠷᠦᠭᠦᠯᠡᠨ ᠦᠯᠢᠭᠡᠷ ᠳᠠᠭᠤᠷᠢᠶᠠᠯ ᠦᠵᠡᠬᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢᠳᠡᠪᠬᠢᠲᠡᠢ ᠣᠷᠣᠯᠴᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠵᠦ᠂ ᠠᠷᠢᠭᠤᠨ ᠴᠡᠪᠡᠷ ᠤᠨ ᠳᠠᠯᠳᠠ ᠭᠠᠵᠠᠷ ᠢ ᠴᠡᠪᠡᠷᠯᠡᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠢ ᠠᠷᠢᠯᠭᠠᠵᠤ᠂ ᠭᠡᠷ ᠪᠦᠯᠢ᠂ ᠠᠵᠢᠯᠯᠠᠬᠤ ᠲᠠᠯᠠᠪᠤᠷ ᠪᠠ ᠣᠯᠠᠨ ᠨᠡᠶᠢᠲᠡ ᠶᠢᠨ ᠣᠷᠣᠨ ᠵᠠᠶ ᠶᠢ ᠴᠡᠪᠡᠷᠰᠢᠭᠦᠯᠵᠦ᠂ ᠴᠡᠪᠡᠷ ᠴᠡᠮᠴᠡᠭᠡᠷ ᠣᠷᠣᠰᠢᠨ ᠰᠠᠭᠤᠬᠤ ᠣᠷᠴᠢᠨ ᠲᠣᠭᠤᠷᠢᠨ ᠢ ᠡᠭᠦᠳᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号