ᠦᠬᠠᠶ ᠬᠤᠲᠠ ᠶᠢᠨ ᠭᠠᠶᠢᠯᠢ ᠶᠢᠨ ᠣᠷᠣᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 84.2% ᠢ ᠡᠵᠡᠯᠡᠪᠡ
ᠨᠡᠶᠢᠲᠡᠯᠡᠭᠰᠡᠨ ᠴᠠᠭ᠄
2020-08-12
     ︽ᠥᠪᠥᠷ ᠮᠣᠩᠭᠤᠯ ᠤᠨ ᠡᠳᠦᠷ ᠤᠨ ᠰᠣᠨᠢᠨ︾ ᠤ 8 ᠰᠠᠷ᠎ᠠ ᠶᠢᠨ 10 ᠤ ᠡᠳᠦᠷ ᠤᠨ ᠮᠡᠳᠡᠭᠡ ︵ᠰᠤᠷᠪᠤᠯᠵᠢᠯᠠᠭᠴᠢ ᠶᠠᠩ ᠹᠠᠨ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠤᠯᠵᠤ ᠮᠡᠳᠡᠭᠰᠡᠨ ᠨᠢ᠄ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠦᠬᠠᠶ ᠬᠤᠲᠠ ᠭᠠᠶᠢᠯᠢ ᠲᠠᠲᠠᠪᠤᠷᠢ ᠶᠢᠨ ᠣᠷᠣᠯᠭ᠎ᠠ ᠪᠠᠨ 25.33 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1 ᠳ᠋ᠦᠩᠰᠢᠭᠤᠷ ᠲᠥᠭᠦᠷᠢᠭ ᠨᠡᠮᠡᠭᠳᠡᠵᠦ᠂ 0.4% ᠪᠠᠷ ᠨᠡᠮᠡᠭᠳᠡᠪᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 84.2% ᠢ ᠡᠵᠡᠯᠡᠵᠦ᠂ ᠪᠦᠬᠦ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃      ᠳᠡᠭᠡᠷ᠎ᠡ ᠬᠠᠭᠠᠰ ᠵᠢᠯ ᠳᠤ᠂ ᠦᠬᠠᠶ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 30.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.62 ᠳ᠋ᠦᠩᠰᠢᠭᠤᠷ ᠲᠥᠭᠦᠷᠢᠭ ᠨᠡᠮᠡᠭᠳᠡᠵᠦ᠂ 5.7% ᠪᠠᠷ ᠨᠡᠮᠡᠭᠳᠡᠵᠦ᠂ ᠵᠢᠯ ᠤᠨ ᠡᠬᠢᠨ ᠤ ᠲᠥᠰᠦᠪ ᠢ 61.7% ᠪᠠᠷ ᠪᠡᠶᠡᠯᠡᠭᠦᠯᠵᠦ᠂ ᠠᠬᠢᠴᠠ ᠨᠡᠯᠢᠶᠡᠳ ᠲᠡᠩᠴᠡᠭᠦᠷᠢᠲᠡᠶ ᠪᠠᠶᠢᠵᠦ 5.7 ᠳ᠋ᠦᠩᠰᠢᠭᠤᠷ ᠲᠥᠭᠦᠷᠢᠭ ᠳᠠᠪᠠᠭᠤᠯᠤᠨ ᠬᠤᠷᠢᠶᠠᠪᠠ᠃ ᠡᠭᠦᠨ ᠳᠤ ᠂ ᠭᠠᠶᠢᠯᠢ ᠶᠢᠨ ᠪᠤᠰᠤ ᠣᠷᠣᠯᠭ᠎ᠠ 4.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.52 ᠳ᠋ᠦᠩᠰᠢᠭᠤᠷ ᠲᠥᠭᠦᠷᠢᠭ ᠨᠡᠮᠡᠭᠳᠡᠵᠦ᠂ 46.7% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 15.8% ᠶᠢ ᠡᠵᠡᠯᠡᠪᠡ᠃ ᠳᠡᠭᠡᠷ᠎ᠡ ᠬᠠᠭᠠᠰ ᠵᠢᠯ ᠳᠤ᠂ ᠦᠬᠠᠶ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 52.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.06 ᠳ᠋ᠦᠩᠰᠢᠭᠤᠷ ᠲᠥᠭᠦᠷᠢᠭ ᠨᠡᠮᠡᠭᠳᠡᠵᠦ᠂ 0.1% ᠪᠠᠷ ᠨᠡᠮᠡᠭᠳᠡᠪᠡ᠃ ᠡᠯ᠎ᠡ ᠵᠦᠢᠯ ᠤᠨ ᠪᠡᠶᠡᠯᠡᠭᠦᠯᠦᠭᠰᠡᠨ ᠪᠠᠶᠢᠳᠠᠯ ᠠᠴᠠ ᠦᠵᠡᠪᠡᠯ᠂ ᠬᠤᠲᠠ ᠶᠢᠨ ᠲᠣᠰ ᠱᠠᠲᠤᠨ ᠤ ᠵᠠᠷᠤᠯᠭ᠎ᠠ 29.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠭᠤᠷᠠᠪᠠ ︔ ᠬᠠᠶᠢᠷᠤᠪ ᠤᠨ ᠲᠣᠬᠤᠢ ᠲᠤᠭᠤᠷᠢᠭ ᠤᠨ ᠵᠠᠷᠤᠯᠭ᠎ᠠ 9.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠪᠠᠭᠤᠷᠠᠪᠠ︔ ᠤᠳᠠ ᠲᠣᠭᠤᠷᠢᠭ ᠤᠨ ᠵᠠᠷᠤᠯᠭ᠎ᠠ 6.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.2% ᠨᠡᠮᠡᠭᠳᠡᠪᠡ︔ ᠬᠠᠶᠢᠨᠠᠨ ᠲᠣᠭᠤᠷᠢᠭ ᠤᠨ ᠵᠠᠷᠤᠯᠭ᠎ᠠ 6.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠪᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号