ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠳᠤᠷᠢᠳᠤᠯᠭ᠎ᠠ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-08-12
     8 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠪᠦᠦ ᠶᠢᠨ ᠱᠠᠨ ᠨᠠᠷ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ᠃      ᠪᠦᠦ ᠶᠢᠨ ᠱᠠᠨ ᠨᠠᠷ ᠤᠷᠢᠳ ᠬᠤᠵᠢᠳ ᠮᠠᠨ ᠤ ᠬᠤᠲᠠ ᠶᠢᠨ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ᠂ ᠬᠤᠲᠠ ᠶᠢᠨ ᠰᠢ ᠵᠦᠴᠦᠭᠡᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠾᠧᠩ ᠶᠤᠸᠠᠨ ᠵᠧᠩ ᠳ᠋ᠡ ᠺᠢᠨᠣ᠋ ᠲᠧᠯᠸᠢᠰ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ᠂ ᠳ᠋ᠦᠩ ᠬᠤᠸᠠᠨ ᠯᠦ ᠵᠠᠮ ᠤᠨ ᠨᠡᠶᠢᠭᠡᠮ ᠲᠤᠭᠤᠷᠢᠭ ᠤᠨ ᠠᠷᠠᠳ ᠤᠨ ᠤᠳᠬ᠎ᠠ ᠤᠷᠠᠯᠢᠭ ᠰᠣᠶᠣᠯ ᠤᠨ ᠰᠣᠯᠢᠯᠴᠠᠭᠠᠨ ᠤ ᠲᠥᠪ᠂ ᠬᠠᠳᠤᠨ ᠭᠤᠣᠯ ᠤᠨ ᠪᠠᠷᠠᠭᠤᠨ ᠠᠶᠠᠯᠠᠯ ᠤᠨ ᠵᠣᠴᠢᠳ ᠤᠨ ᠪᠠᠭᠤᠳᠠᠯ ᠵᠡᠷᠭᠡ ᠭᠠᠵᠠᠷ ᠲᠤ ᠬᠦᠷᠴᠦ᠂ ᠮᠠᠨ ᠤ ᠬᠤᠲᠠ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢᠨ ᠦᠵᠡᠭᠦᠯᠦᠯᠭᠡ ᠶᠢᠨ ᠪᠡᠯᠡᠳᠬᠡᠯ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠤᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠮᠠᠨ ᠤ ᠬᠤᠲᠠ ᠵᠢᠴᠢ ᠭᠤᠷᠪᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠤᠷᠠᠨ ᠪᠢᠴᠢᠯᠭᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠤᠳᠬ᠎ᠠ ᠵᠣᠬᠢᠶᠠᠯ ᠤᠷᠠᠯᠢᠭ ᠤᠨ ᠠᠵᠢᠯ ᠤᠨ ᠲᠤᠬᠠᠶ ᠲᠣᠪᠴᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠢᠨ ᠲᠣᠭᠤᠷᠢᠨ ᠳᠤ ᠬᠤᠯᠪᠣᠭᠳᠠᠯ ᠪᠥᠬᠦᠶ ᠰᠠᠨᠠᠯ ᠪᠠ ᠰᠠᠨᠠᠭᠤᠯᠭ᠎ᠠ ᠳᠤᠷᠠᠳᠪᠠ᠃      ᠬᠠᠷᠢᠭᠤ ᠮᠡᠳᠡᠭᠦᠯᠦᠯᠲᠡ ᠶᠢ ᠰᠣᠨᠣᠰᠴᠤ ᠪᠠᠷᠠᠭᠰᠠᠨ ᠤ ᠳᠠᠷᠠᠭ᠎ᠠ᠂ ᠪᠦᠦ ᠶᠢᠨ ᠱᠠᠨ ᠮᠠᠨ ᠤ ᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠠᠵᠢᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠨ ᠲᠤᠷᠰᠢ᠂ ᠦᠬᠠᠶ ᠬᠤᠲᠠ ᠨᠢ ᠤᠷᠠᠨ ᠪᠢᠴᠢᠯᠭᠡ ᠶᠢᠨ ᠬᠤᠲᠠ ᠶᠢᠨ ᠪᠥᠲᠦᠭᠡᠨ ᠪᠠᠶᠢᠭᠤᠯᠤᠯᠲᠠ ᠪᠠᠷ ᠳᠠᠭᠠᠭᠤᠯᠤᠭᠴᠢ ᠪᠣᠯᠭᠠᠵᠤ᠂ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠬᠠᠷᠠᠯᠲᠠ ᠪᠣᠯᠭᠠᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠭᠠᠷᠭᠠᠬᠤ ᠪᠠᠷ ᠭᠤᠣᠯ ᠪᠣᠯᠭᠠᠵᠤ᠂ ᠲᠦᠷᠦᠯ ᠲᠡᠮᠳᠡᠭ ᠤᠨ ᠦᠢᠯᠡᠳᠦᠯ ᠪᠠ ᠠᠷᠠᠳ ᠲᠤ ᠠᠰᠢᠭ ᠬᠦᠷᠲᠡᠭᠡᠬᠦ ᠬᠥᠭᠵᠢᠯᠲᠡ ᠶᠢ ᠤᠶᠠᠯᠳᠤᠭᠤᠯᠤᠭᠰᠠᠨ ᠥᠪᠡᠷᠮᠢᠴᠡ ᠣᠨᠴᠠᠯᠢᠭ ᠲᠠᠢ ᠬᠥᠭᠵᠢᠯᠲᠡ ᠶᠢᠨ ᠵᠠᠮ ᠢ ᠨᠡᠭᠡᠭᠡᠪᠡ᠃ ᠬᠤᠶᠢᠰᠢᠳᠠ ᠶᠢᠨ ᠠᠵᠢᠯ ᠤᠨ ᠳᠤᠮᠳᠠ᠂ ᠦᠬᠠᠶ ᠬᠤᠲᠠ ᠶᠢᠨ ᠡᠯ᠎ᠡ ᠱᠠᠲᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠷᠠᠨ ᠪᠢᠴᠢᠯᠭᠡ ᠶᠢᠨ ᠬᠤᠲᠠ ᠶᠢᠨ ᠪᠠᠶᠢᠭᠤᠯᠤᠯᠲᠠ ᠶᠢᠨ ᠠᠭᠤᠯᠤᠭᠲᠠᠬᠤᠨ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠷᠠᠨ ᠪᠢᠴᠢᠯᠭᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ᠶᠢ ᠨᠡᠶᠢᠭᠡᠮ ᠪᠠ ᠠᠮᠢᠳᠤᠷᠠᠯ ᠤᠨ ᠲᠠᠯ᠎ᠠ ᠪᠦᠬᠦᠨ ᠳᠤ ᠠᠭᠤᠰᠬᠠᠬᠤ ᠶᠢᠨ ᠬᠠᠮᠲᠤ ᠠᠵᠤ ᠦᠢᠯᠡᠰᠵᠢᠭᠦᠯᠦᠨ ᠠᠵᠢᠯᠯᠠᠭᠤᠯᠬᠤ ᠪᠠᠷ ᠳᠠᠮᠵᠢᠨ ᠠᠵᠤ ᠠᠬᠤᠢ ᠶᠢᠨ ᠦᠷ᠎ᠡ ᠠᠰᠢᠭ ᠢ ᠪᠡᠶᠡᠯᠡᠭᠦᠯᠦᠨ᠎ᠡ︔ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ︽ᠳᠤᠮᠳᠠᠳᠤ ᠤᠯᠤᠰ ᠤᠨ ᠵᠡᠭᠦᠳᠦ︾᠂ ︽ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ︾ ᠵᠡᠷᠭᠡ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ᠂ ᠨᠠᠮ ᠢᠶᠠᠨ ᠮᠠᠭᠲᠠᠨ ᠳᠠᠭᠤᠯᠠᠭᠰᠠᠨ᠂ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠳᠠᠭᠤᠯᠠᠭᠰᠠᠨ᠂ ᠪᠠᠭᠠᠲᠤᠷᠴᠤᠳ ᠢᠶᠠᠨ ᠮᠠᠭᠲᠠᠨ ᠳᠠᠭᠤᠯᠠᠭᠰᠠᠨ ᠰᠢᠯᠢᠳᠡᠭ ᠪᠦᠲᠦᠭᠡᠯ ᠢ ᠪᠣᠢ ᠪᠣᠯᠭᠠᠨ᠎ᠠ︔ ︽ᠬᠠᠳᠤᠨ ᠭᠤᠣᠯ ᠤᠨ ᠦᠯᠢᠭᠡᠷ︾ ᠢ ᠰᠠᠶᠢᠲᠤᠷ ᠶᠠᠷᠢᠵᠤ᠂ ᠬᠠᠳᠤᠨ ᠭᠤᠣᠯ ᠤᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠬᠠᠳᠤᠨ ᠭᠤᠣᠯ ᠤᠨ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠤᠳᠬ᠎ᠠ ᠤᠷᠠᠯᠢᠭ ᠤᠨ ᠬᠥᠭᠵᠢᠯᠲᠡ ᠶᠢᠨ ᠴᠢᠬᠤᠯᠠ ᠠᠵᠠ ᠲᠣᠬᠢᠶᠠᠯ ᠢ ᠡᠵᠡᠮᠳᠡᠵᠦ᠂ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠡᠷᠡᠲᠦ ᠲᠡᠮᠳᠡᠭ ᠢ ᠡᠭᠦᠳᠦᠨ᠂ ᠨᠥᠯᠥᠭᠡ ᠪᠠᠨ ᠥᠷᠭᠡᠳᠭᠡᠵᠦ᠂ ᠤᠳᠬ᠎ᠠ ᠵᠣᠬᠢᠶᠠᠯ ᠤᠷᠠᠯᠢᠭ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号