ᠤᠯᠤᠰ ᠲᠥᠷᠥ ᠶᠢᠨ ᠵᠥᠪᠯᠡᠯᠭᠡᠨ ᠬᠤᠶᠠᠷ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠵᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠦᠶ᠎ᠡ︾ ᠭᠡᠬᠦ ᠲᠤᠰᠬᠠᠶ ᠰᠡᠳᠦᠪᠲᠦ ︵ᠥᠷᠭᠡᠳᠭᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-12
     8 ᠰᠠᠷ᠎ᠠ ᠶᠢᠨ 11 ᠤ ᠡᠳᠦᠷ᠂ ᠤᠯᠤᠰ ᠲᠥᠷᠥ ᠶᠢᠨ ᠵᠥᠪᠯᠡᠯᠭᠡᠨ ᠬᠤᠶᠠᠷ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠵᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠦᠶ᠎ᠡ︾ ᠭᠡᠬᠦ ᠲᠤᠰᠬᠠᠶ ᠰᠡᠳᠦᠪᠲᠦ ︵ᠥᠷᠭᠡᠳᠭᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠡᠷᠭᠢᠯᠡᠭᠰᠡᠨ ᠪᠥᠭᠡᠳ ᠶᠡᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠸᠠᠩ ᠶᠢᠤ ᠵᠢᠶᠦ᠋ᠨ᠂ ᠳ᠋ᠢᠩ ᠢ ᠵᠢᠴᠢ ᠪᠠᠶᠢᠭᠤᠯᠭ᠎ᠠ ᠶᠢᠨ ᠨᠠᠮ ᠤᠨ ᠣᠳᠣᠷᠢᠳᠬᠤ ᠳᠤᠭᠤᠶᠢᠯᠠᠩ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠠᠶ᠃ ᠳᠡᠳ᠋ ᠲᠡᠷᠢᠭᠦᠯᠡᠭᠴᠢ ᠺᠠᠩ ᠸᠧᠨ ᠱᠧᠩ᠂ ᠵᠠᠩ ᠵᠢᠶᠠᠨ ᠭᠦᠸᠧ᠂ ᠸᠠᠩ ᠮᠢᠩ ᠸᠠᠩ ᠬᠤᠷᠠᠯ ᠳᠤ ᠰᠤᠯᠠ ᠣᠷᠣᠯᠴᠠᠪᠠ      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠢᠳᠡ ᠵᠤᠬᠰᠤᠰᠢ ᠦᠭᠡᠢ ᠪᠠᠷᠢᠮᠲᠠᠯᠠᠬᠤ ᠪᠠᠷᠢᠮᠲᠠᠯᠠᠯ ᠢᠶᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ︾ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢ ᠶᠡᠷᠦᠩᠬᠡᠶᠢᠯᠡᠨ ᠵᠠᠬᠢᠷᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠨᠡᠩ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠦᠷ᠎ᠡ ᠪᠦᠲᠦᠮᠵᠢ ᠶᠢ ᠣᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠳᠡᠶᠢᠯᠦᠩᠭᠦᠢ ᠢᠯᠠᠯᠲᠠ ᠶᠢ ᠪᠠᠬᠢᠵᠢᠭᠦᠯᠦᠨ ᠬᠦᠭᠵᠢᠬᠦᠯᠦᠶ᠎ᠡ︾ ᠵᠡᠷᠭᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠠᠭᠢᠯᠭ᠎ᠠ ᠪᠠᠲᠤ ᠪᠠᠶᠢᠴᠠᠭᠠᠬᠤ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ︾ ᠬᠤᠯᠪᠤᠭᠳᠠᠯ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠨ ᠲᠠᠰᠤᠷᠠᠯᠲᠠ ᠤᠢᠭᠡᠢ ᠴᠢᠩᠭᠠᠳᠬᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠳᠠ ᠶᠢᠨ ᠪᠠᠶᠢᠭᠤᠯᠤᠯᠲᠠ᠂ ᠣᠪᠣᠷ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠦᠷᠢᠮ ᠤᠨ ᠪᠠᠶᠢᠭᠤᠯᠤᠯᠲᠠ ᠶᠢ ᠡᠭᠦᠨ ᠤ ᠳᠤᠮᠳᠠ ᠲᠤᠤᠱᠯᠠᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠬᠦᠨᠵᠡᠬᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ︔ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢᠶᠠᠨ ᠴᠢᠩᠳᠠᠯᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ︔ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠭᠤᠤᠯᠳᠠᠯᠭ᠎ᠠ ᠲᠠᠢ ᠬᠦᠷᠢᠶᠡᠨ ᠤ ᠨᠠᠮ ᠤᠨ ᠭᠡᠰᠢᠭᠦᠨ ᠺᠠᠳ᠋ᠷᠴᠣᠳ ᠤᠨ ᠡᠳᠦᠷ ᠲᠤᠲᠤᠮ ᠤᠨ ᠬᠠᠮᠢᠶᠠᠷᠤᠯᠲᠠ ᠪᠣᠯᠤᠨ ᠬᠢᠨᠠᠯᠲᠠ ᠪᠠᠨ ᠴᠢᠩᠭᠠᠳᠬᠠᠵᠤ᠂ ᠪᠣᠯᠵᠣᠨ ᠶᠠᠷᠢᠯᠴᠠᠵᠤ ᠰᠠᠨᠠᠭᠤᠯᠬᠤ᠂ ᠠᠵᠢᠯ ᠢᠶᠠᠨ ᠮᠡᠳᠡᠭᠦᠯᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠲᠤᠷᠠᠳᠬᠤ ︽ᠭᠦᠨᠴᠡ︾ ᠪᠠᠨ ᠳᠡᠭᠡᠭᠰᠢᠯᠡᠭᠦᠯᠬᠦ᠂ ᠵᠥᠪᠯᠡᠬᠦ ᠠᠷᠠᠳᠴᠢᠯᠠᠯ ᠢ ᠥᠷᠭᠡᠳᠬᠡᠬᠦ ︽ᠥᠷᠭᠡᠴᠡ︾ ᠪᠠᠨ ᠦᠷᠭᠡᠳᠭᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠳᠡᠭᠡᠭᠰᠢᠯᠡᠭᠦᠯᠬᠦ ︽ᠤᠨᠤᠪᠴᠢ︾ ᠳᠡᠭᠡᠷ᠎ᠡ ᠢᠯᠡᠷᠡᠭᠦᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠳᠡᠢ︔ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠪᠠᠷ ᠠᠵᠠ ᠲᠣᠬᠢᠶᠠᠯ ᠪᠣᠯᠭᠠᠵᠤ ᠂ ᠬᠡᠷᠡᠭ ᠢᠶᠠᠷ ᠲᠣᠯᠢ ᠪᠣᠯᠭᠠᠵᠤ᠂ ᠭᠦᠨᠵᠡᠭᠡᠶ ᠰᠤᠷᠭᠠᠮᠵᠢ ᠠᠪᠴᠤ᠂ ᠠᠰᠠᠭᠤᠳᠠᠯ ᠢᠶᠠᠨ ᠤᠬᠠᠮᠰᠠᠷ ᠠᠴᠠ ᠪᠠᠨ ᠪᠠᠶᠢᠴᠠᠭᠠᠨ ᠦᠵᠡᠵᠦ᠂ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠣᠬᠠᠮᠰᠠᠷ ᠢᠶᠠᠨ ᠦᠨᠡᠨᠬᠦ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ ᠪᠤᠢ ᠪᠤᠯᠭᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号