ᠤᠶᠢᠷ᠎ᠠ ᠶᠢᠨ ᠡᠳᠦᠷ᠂ ᠬᠠᠶᠢᠷᠤᠪ ᠤᠨ ᠲᠤᠬᠤᠢ ᠳᠣᠭᠤᠷᠢᠭ ᠤᠨ ᠨᠠᠮ ᠤᠨ ᠬᠤᠷᠢᠶᠠᠨ ᠤ ᠢᠯᠵᠢᠷᠠᠯ ᠢ | ᠡᠰᠡᠷᠭᠦᠴᠡᠬᠦ ᠶᠢ ᠵᠤᠬᠢᠴᠠᠭᠤᠯᠬᠤ ᠳᠣᠭᠤᠢᠢᠯᠠᠩ 2020 ᠤᠨ ᠤ ᠲᠡᠭᠡᠷ᠎ᠡ ᠬᠠᠭᠠᠰ ᠵᠢᠯ ᠤᠨ ᠠᠵᠢᠯ ᠤᠨ ᠬᠤᠷᠠᠯ | ᠬᠤᠷᠠᠯᠳᠤᠭᠤᠯᠪᠠ᠃ | ᠬᠠᠶᠢᠷᠤᠪ ᠤᠨ ᠲᠤᠬᠤᠢ ᠳᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠲᠤᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠳᠣᠭᠤᠷᠢᠭ | ᠤᠨ ᠨᠠᠮ ᠤᠨ ᠬᠤᠷᠢᠶᠠᠨ ᠤ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠳᠣᠭᠤᠢᠢᠯᠠᠩ ᠤᠨ ᠳᠠᠷᠤᠭ᠎ᠠ ᠵᠠᠩ ᠮᠢᠩ | ᠯᠢᠶᠠᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠳᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠳᠣᠭᠤᠷᠢᠭ ᠤᠨ ᠨᠠᠮ ᠤᠨ ᠬᠤᠷᠢᠶᠠᠨ ᠤ ᠵᠤᠬᠢᠶᠠᠨ | ᠪᠠᠶᠢᠭᠤᠯᠬᠤ ᠬᠡᠯᠲᠡᠰ᠂ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶ᠎ᠠ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠤᠡ ᠤᠨ ᠪᠠᠶᠢᠴᠠᠭᠠᠬᠤ ᠬᠤᠷᠢᠶ᠎ᠠ | ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠭᠢᠨᠠᠡ ᠪᠤᠳᠤᠬᠤ | ᠲᠣᠪᠴᠢᠶ᠎ᠠ ᠲᠤᠰ ᠪᠦᠷᠢ 2020 ᠤᠨ ᠤ 1 — 6 ᠰᠠᠷ᠎ᠠ ᠶᠢᠨ ᠢᠯᠵᠢᠷᠠᠯ ᠢ ᠡᠰᠡᠷᠭᠦᠴᠡᠬᠦ ᠪᠤᠷᠤ ᠲᠦᠯᠦᠪ ᠤᠨ | ᠲᠤᠲᠤᠷ᠎ᠠ ᠬᠤᠯᠪᠤᠭᠳᠠᠯ ᠪᠦᠬᠦᠢ ᠠᠵᠢᠯ ᠦᠷᠨᠢᠭᠦᠯᠦᠭᠰᠡᠨ ᠪᠠᠶᠢᠳᠠᠯ ᠢᠶᠠᠨ ᠮᠡᠳᠡᠭᠳᠡᠪᠡ᠃ ᠬᠤᠷᠠᠯ ᠠᠴᠠ ᠪᠠᠰᠠ ︽ | ᠬᠠᠶᠢᠷᠤᠪ ᠤᠨ ᠲᠤᠬᠤᠢ ᠳᠣᠭᠤᠷᠢᠭ ᠤᠨ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠳᠣᠭᠤᠢᠢᠯᠠᠩ ᠤᠨ | ᠪᠦᠷᠢᠯᠳᠦᠬᠦᠨ ᠢ ᠲᠤᠬᠢᠷᠠᠭᠤᠯᠬᠤ ᠲᠤᠬᠠᠢ ᠰᠠᠨᠠᠯ︾ ᠢ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠳᠣᠭᠤᠷᠢᠭ ᠤᠨ ᠨᠠᠮ ᠤᠨ ᠬᠤᠷᠢᠶᠠᠨ ᠤ ᠨᠢᠭᠡᠲᠤᠯᠲᠠᠢ | ᠤᠳᠣᠷᠢᠳᠣᠯᠭ᠎ᠠ ᠲᠤᠤᠷ᠎ᠠ᠂ ᠮᠠᠨ ᠤ ᠲᠤᠭᠤᠷᠢᠭ ᠤᠨ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠠᠵᠢᠯ | ᠲᠠᠰᠤᠷᠠᠯᠲᠠ ᠦᠭᠡᠢ ᠴᠢᠩᠭᠠᠷᠠᠵᠤ᠂ ᠲᠣᠪᠣᠶᠢᠮ᠎ᠠ ᠦᠷ᠎ᠡ ᠪᠦᠲᠤᠮᠵᠢ ᠤᠯᠵᠠᠢ᠃ ᠡᠭᠦᠨ ᠤ ᠬᠠᠮᠲᠤ 2020 ᠤᠨ ᠤ | ᠲᠡᠭᠡᠷ᠎ᠡ ᠬᠠᠭᠠᠰ ᠵᠢᠯ ᠤᠨ ᠢᠯᠵᠢᠷᠠᠯ ᠢ ᠡᠰᠡᠷᠭᠦᠴᠡᠬᠦ ᠠᠵᠢᠯ ᠳᠤ ᠲᠤᠭᠢᠷᠠᠭᠤᠯᠤᠯᠳᠡ ᠬᠢᠪᠡ᠄ ᠨᠢᠭᠡ ᠳᠤ᠂ ᠢᠯᠵᠢᠷᠠᠯ ᠢ | ᠡᠰᠡᠷᠭᠦᠴᠡᠬᠦ ᠠᠵᠢᠯ ᠲᠤᠮᠳᠠ ᠠᠯᠬᠤᠮ ᠲᠠᠷᠠᠭ᠎ᠠ ᠲᠠᠢ᠂ ᠶᠤᠰᠤ ᠳᠥᠷᠢᠮ ᠲᠠᠢ᠂ ᠱᠠᠭᠠᠷᠳᠠᠯᠭ᠎ᠠ ᠪᠠᠷ ᠴᠢᠩᠭ᠎ᠠ | ᠶᠠᠪᠤᠭᠳᠠᠭᠤᠯᠵᠤ᠂ ᠣᠷᠭᠢᠭᠳᠠᠭᠰᠠᠨ ᠵᠦᠢᠯ ᠭᠠᠷᠬᠤ ᠠᠴᠠ ᠵᠠᠶᠢᠯᠠᠰᠭᠢᠵᠤ᠂ ᠬᠡᠷᠡᠭ ᠵᠠᠷᠭᠤ ᠶᠢ ᠴᠠᠭ ᠲᠤᠬᠠᠢ ᠳᠤᠨᠢ | ᠰᠢᠯᠵᠢᠬᠦᠯᠦᠨ ᠬᠦᠷᠭᠡᠵᠤ᠂ ᠵᠠᠯᠬᠠᠭᠠᠨ ᠰᠢᠳᠭᠡᠬᠦ ᠶᠢ ᠪᠤᠳᠠᠳᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ | ᠡᠯ᠎ᠡ ᠪᠦᠷᠢᠯᠳᠦᠭᠦᠨ ᠨᠢᠭᠡᠴᠡ ᠦᠷᠬᠦᠯᠵᠢᠯᠠᠠ ᠨᠡᠪᠳᠡᠷᠡᠯᠴᠡᠭᠡ ᠵᠤᠬᠢᠴᠠᠭᠤᠯᠭ᠎ᠠ ᠪᠠᠨ ᠴᠢᠩᠭᠠᠳᠬᠠᠵᠤ᠂ ᠬᠠᠷᠢᠯᠴᠠᠭᠴᠢ | ᠶᠢᠨ ᠳᠦᠷᠢᠮ ᠢ ᠪᠠᠶᠢᠭᠤᠯᠵᠤ᠂ ᠮᠡᠳᠡᠭᠡ ᠵᠠᠩᠬᠢ ᠶᠢ ᠡᠳ᠋ᠯᠡᠬᠦ ᠲᠤᠭᠳᠠᠴᠠ ᠪᠠᠨ ᠤᠯᠠᠮ ᠨᠢᠬᠡ ᠠᠯᠬᠤᠮ | ᠲᠡᠭᠦᠯᠳᠠᠷᠵᠢᠭᠦᠯᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠪᠠᠨ ᠲᠡᠭᠡᠭᠰᠢᠯᠡᠭᠦᠯᠬᠦ ᠬᠡᠷᠡᠭᠳᠡᠢ ᠬᠡᠵᠡᠢ᠃ | ᠬᠤᠷᠠᠯ ᠤᠨ ᠴᠢᠬᠤᠯᠠᠴᠢᠯᠠᠭᠰᠠᠨ ᠨᠢ᠂ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠠᠵᠢᠯ ᠤᠨ ᠡᠭᠦᠷᠭᠡ | ᠬᠦᠨᠳᠦ ᠶᠡᠭᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠶᠡᠭᠡ ᠲᠠᠯ᠎ᠠ ᠳᠤ | ᠬᠤᠯᠪᠤᠭᠳᠠᠵᠤ᠂ ᠪᠦᠬᠦ ᠲᠤᠭᠤᠷᠢᠭ ᠤᠨ ᠢᠯᠵᠢᠷᠠᠯ ᠢ ᠡᠰᠡᠷᠭᠦᠴᠡᠬᠦ ᠦᠷ᠎ᠠ ᠪᠦᠳᠣᠮᠵᠢ ᠵᠢᠴᠢ ᠨᠠᠮ ᠤᠨ ᠰᠤᠷᠳᠠᠯ | ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠬᠦ ᠠᠵᠢᠯ ᠤᠨ ᠶᠡᠭᠡ ᠲᠠᠯ᠎ᠠ ᠳᠤ ᠬᠤᠯᠪᠤᠭᠳᠠᠵᠤ᠂ | ᠡᠯ᠎ᠡ ᠪᠦᠷᠢᠯᠳᠦᠭᠦᠨ ᠨᠢᠭᠡᠴᠡ ᠡᠷᠭᠡᠪᠰᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠡ ᠪᠠ ᠬᠤᠲᠠ ᠶᠢᠨ ᠨᠠᠮ ᠤᠨ | ᠬᠤᠷᠢᠶ᠎ᠠ᠂ ᠳᠣᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠶᠢ ᠡᠷᠬᠡᠪᠰᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ ᠢᠶᠠᠨ ᠤᠯᠠᠮ ᠨᠢᠬᠡ ᠠᠯᠬᠤᠮ | ᠴᠢᠩᠭᠠᠳᠬᠠᠵᠤ᠂ ᠤᠯᠤᠰ ᠲᠦᠷᠦ ᠶᠢᠨ ᠵᠤᠭᠰᠣᠴᠠ ᠪᠠᠨ ᠳᠡᠭᠡᠭᠰᠢᠯᠡᠭᠦᠯᠵᠦ᠂ ᠳᠣᠭᠤᠷᠢᠭ ᠤᠨ ᠨᠠᠮ ᠤᠨ ᠬᠤᠷᠢᠶᠠᠨ | ᠤ ᠨᠢᠭᠡᠲᠤᠯᠲᠠᠢ ᠤᠳᠣᠷᠢᠳᠣᠯᠭ᠎ᠠ ᠲᠤᠤᠷ᠎ᠠ᠂ ᠭᠠᠷ ᠬᠤᠯᠪᠣᠨ ᠮᠦᠷᠦ ᠵᠡᠷᠭᠡᠴᠡᠵᠤ᠂ ᠬᠠᠮᠵᠢᠯᠴᠠᠨ ᠪᠠᠶᠢᠯᠳᠤᠵᠤ᠂ | ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠤ᠂ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠶᠣᠰᠣ ᠳᠦᠷᠢᠮ ᠤᠨ | ᠳᠠᠪᠠᠭᠤᠯᠢᠭ ᠲᠠᠯ᠎ᠠ ᠪᠠᠨ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠤᠲᠠᠲᠤ ᠦᠷ᠎ᠡ ᠪᠦᠲᠦᠮᠵᠢ ᠪᠤᠯᠭᠠᠨ | ᠬᠤᠪᠢᠷᠠᠭᠤᠯᠵᠤ᠂ ᠪᠦᠬᠦ ᠲᠤᠭᠤᠷᠢᠭ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ | ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠬᠤ ᠳᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠡᠢ᠃ | |