ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ 2020 ᠣᠨ  ᠤ 1 ᠳ᠋ᠤᠭᠡᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-13
     8 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ 2020 ᠤᠨ ᠤ 1 ᠳ᠋ᠣᠭᠡᠷ ᠣᠳᠠᠭᠠᠨ ᠤ ᠬᠤᠷᠠᠯ ᠬᠤᠷᠠᠯᠳᠤᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠠᠵᠢᠯ ᠤᠨ ᠲᠤᠬᠠᠶ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠪᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠡᠯ᠎ᠡ ᠠᠵᠢᠯᠯᠠᠬᠤ ᠳᠤᠭᠤᠶᠢᠯᠠᠩ ᠤᠨ ᠡᠬᠦᠷᠭᠡ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ︽ᠦᠬᠠᠶ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠲᠤᠷᠰᠢᠯᠲᠠ ᠶᠢᠨ ᠠᠵᠢᠯ ᠤᠨ ᠲᠥᠰᠦᠯ ︵ᠶᠠᠷᠢᠯᠴᠠᠬᠤ ᠨᠣᠤᠷᠠᠭ︶︾ ᠳᠤ ᠲᠣᠳᠣᠷᠬᠠᠶᠢᠯᠠᠯᠲᠠ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠡᠷᠡᠰ ᠬᠦᠴᠦᠲᠡᠶ᠂ ᠰᠢᠨᠵᠢᠯᠡᠬᠦ ᠤᠬᠠᠭᠠᠨᠴᠢ ᠪᠦᠲᠦᠮᠵᠢᠲᠡᠶ᠂ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠰᠠᠶᠢᠲᠤᠷ ᠪᠡᠶᠡᠯᠡᠬᠦᠯᠬᠦ᠃ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠦᠨᠡᠨᠬᠦ ᠭᠦᠨᠵᠡᠭᠡᠢ ᠣᠶᠢᠯᠠᠭᠠᠵᠤ᠂ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠡᠪᠳᠡᠷᠡᠳᠡᠯ᠎ᠠ ᠰᠢᠩᠭᠡᠭᠡᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠥᠭᠡᠷᠡᠴᠢᠯᠡᠯᠲᠡ ᠶᠢᠨ ᠵᠥᠪ ᠴᠢᠭᠯᠡᠯ ᠢ ᠢᠮᠠᠭᠲᠠ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠨᠢᠭᠡᠳᠦᠯᠲᠡᠶ ᠲᠥᠯᠥᠪᠯᠡᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠥᠷᠥ ᠶᠢᠨ ᠪᠣᠳᠣᠯᠭ᠎ᠠ ᠶᠢ ᠠᠪᠴᠠᠯᠳᠤᠭᠤᠯᠤᠨ ᠲᠥᠬᠦᠷᠵᠢᠭᠦᠯᠬᠦ ᠶᠢ ᠴᠢᠬᠤᠯᠠᠴᠢᠯᠠᠬᠤ ᠬᠡᠷᠡᠭᠳᠡᠢ᠃ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢᠨ ᠡᠭᠦᠷᠭᠡ ᠶᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠳᠡᠢ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠢᠴᠢᠶᠡᠩᠭᠦ᠋ᠢᠯᠡᠨ ᠰᠠᠬᠢᠵᠦ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠢᠮᠠᠭᠲᠠ ᠲᠤᠤᠱᠯᠠᠭᠤᠯᠵᠤ᠂ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠪᠦᠬᠦ ᠬᠤᠲᠠ ᠶᠢᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠥᠭᠡᠷᠡᠴᠢᠯᠡᠯᠲᠡ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号