ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠳᠠ ᠲᠣᠭᠤᠷᠢᠭ ᠤᠨ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-08-13
     8 ᠰᠠᠷ᠎ᠠ ᠶᠢᠨ 12 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠪᠦᠯᠬᠦᠮ ᠳᠠᠭᠠᠭᠤᠯᠤᠨ ᠤᠳᠠ ᠲᠣᠭᠤᠷᠢᠭ ᠤᠨ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠳᠡᠳ᠋ ᠲᠡᠷᠢᠬᠦᠯᠡᠭᠴᠢ ᠵᠠᠩ ᠵᠢᠶᠠᠨ ᠭᠦᠸᠧ᠂ ᠸᠠᠩ ᠶᠢᠦ ᠵᠢᠶᠦ᠋ᠨ᠂ ᠸᠠᠩ ᠮᠢᠩ ᠸᠠᠩ ᠬᠠᠮᠲᠤ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠳᠠ ᠲᠣᠭᠤᠷᠢᠭ ᠤᠨ ᠣᠯᠠᠭᠠᠨᠨᠠᠭᠤᠷ ᠪᠠᠯᠭᠠᠰᠤᠨ ᠤ ᠽᠧ ᠶᠤᠸᠠᠨ ᠨᠡᠶᠢᠭᠡᠮ ᠲᠣᠭᠤᠷᠢᠭ᠂ ᠪᠢᠨ ᠬᠠᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠧᠩ ᠯᠢ ᠵᠡᠭᠡᠯᠢ ᠶᠢᠨ ᠭᠤᠷᠪᠠᠳᠤᠭᠠᠷ ᠬᠦᠷᠰᠢ ᠵᠡᠷᠭᠡᠯᠡᠳᠡᠭᠡ ᠶᠢᠨ ᠪᠠᠶᠢᠰᠢᠩᠲᠤ ᠲᠣᠭᠤᠷᠢᠭ᠂ ᠠᠷᠠᠳ ᠤᠨ ᠴᠡᠴᠡᠷᠯᠢᠭ ᠵᠡᠷᠭᠡ ᠭᠠᠵᠠᠷ ᠲᠤ ᠬᠦᠷᠴᠦ᠂ ᠤᠳᠠ ᠲᠣᠭᠤᠷᠢᠭ ᠤᠨ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠨᠡᠶᠢᠲᠡ ᠶᠢᠨ ᠵᠣᠷᠯᠣᠩ ᠢ ᠥᠭᠡᠷᠡᠴᠢᠯᠡᠬᠦ᠂ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢᠨ ᠡᠳᠦᠷ ᠲᠤᠲᠤᠮ ᠤᠨ ᠡᠵᠡᠩᠨᠡᠯᠲᠡ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ᠂ ᠬᠠᠭᠤᠴᠢᠨ ᠬᠤᠲᠠ ᠶᠢᠨ ᠲᠣᠭᠤᠷᠢᠭ ᠤᠨ ᠥᠭᠡᠷᠡᠴᠢᠯᠡᠯᠲᠡ ᠵᠢᠴᠢ ᠬᠤᠲᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠲᠠᠯ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠸᠠᠩ ᠸᠧᠨ ᠵᠢᠶᠧ ᠨᠡᠷ ᠤᠳᠠ ᠲᠣᠭᠤᠷᠢᠭ ᠤᠨ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ ᠢᠯᠡᠷᠭᠡᠶᠢᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂ ᠤᠳᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ︽ᠬᠤᠲᠠ ᠶᠢ ᠴᠤᠭᠴᠠᠯᠠᠬᠤ ᠨᠢ ᠠᠷᠠᠳ ᠤᠨ ᠲᠥᠯᠥᠭᠡ᠂ ᠬᠤᠲᠠ ᠶᠢ ᠴᠤᠭᠴᠠᠯᠠᠬᠤ ᠨᠢ ᠠᠷᠠᠳ ᠲᠤ ᠠᠰᠢᠭ ᠬᠦᠷᠲᠡᠭᠡᠬᠦ ᠶᠢᠨ ᠲᠦᠯᠦᠭᠡ︾ ᠬᠡᠬᠦ ᠵᠣᠷᠢᠯᠲᠠ ᠪᠠᠷ᠂ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠠᠷᠭ᠎ᠠ ᠠᠪᠴᠠᠯ ᠢ ᠵᠡᠷᠭᠡᠪᠡᠷ ᠬᠡᠷᠡᠭᠯᠡᠨ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠡᠯ᠎ᠡ ᠵᠦᠢᠯ ᠤᠨ ᠠᠵᠢᠯ ᠢ ᠥᠷᠨᠢᠭᠦᠯᠵᠦ᠂ ᠨᠡᠯᠢᠶᠡᠳ ᠰᠠᠶᠢᠨ ᠦᠷ᠎ᠡ ᠪᠦᠲᠦᠮᠵᠢ ᠣᠯᠣᠭᠰᠠᠨ ᠪᠤᠯᠪᠠᠴᠦ ᠮᠥᠨ ᠬᠦ ᠡᠳᠦᠶ ᠲᠡᠳᠦᠶ ᠳᠤᠲᠠᠭᠤᠳᠠᠯ ᠣᠷᠣᠰᠢᠵᠤ ᠪᠠᠶᠢᠨ᠎ᠠ ᠬᠡᠵᠡᠢ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠤᠳᠠ ᠲᠣᠭᠤᠷᠢᠭ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠤᠨ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠵᠦ᠂ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠶᠢᠨ ᠤᠶᠢᠯᠠᠭᠠᠬᠤ ᠨᠤᠷᠮ᠎ᠠ᠂ ᠳᠡᠮᠵᠢᠬᠦ ᠨᠤᠷᠮ᠎ᠠ᠂ ᠣᠷᠣᠯᠴᠠᠬᠤ ᠨᠤᠷᠮ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠨ ᠪᠦᠬᠦᠨ ᠴᠤᠭᠴᠠᠯᠠᠨ ᠪᠠᠶᠢᠭᠤᠯᠬᠤ ᠳᠤ ᠣᠷᠣᠯᠴᠠᠬᠤ᠂ ᠪᠦᠬᠦ ᠠᠷᠠᠳ ᠢᠶᠠᠷ ᠢᠶᠠᠨ ᠴᠤᠭᠴᠠᠯᠠᠨ ᠪᠠᠶᠢᠭᠤᠯᠬᠤ ᠶᠢ ᠳᠡᠮᠵᠢᠬᠦ ᠬᠠᠯᠠᠭᠤᠨ ᠥᠷᠨᠢᠯᠲᠡ ᠶᠢ ᠪᠤᠢ ᠪᠤᠯᠭᠠᠬᠤ ᠬᠡᠷᠡᠭᠳᠡᠢ︔ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠢ ᠡᠳᠦᠷ ᠲᠤᠲᠤᠮ ᠤᠨ ᠠᠵᠢᠯ᠂ ᠭᠤᠤᠯᠳᠠᠯᠭ᠎ᠠ ᠲᠠᠢ ᠡᠭᠦᠷᠭᠡ ᠲᠠᠢ ᠪᠠᠨ ᠨᠢᠭᠲᠠ ᠤᠶᠠᠯᠳᠤᠭᠤᠯᠵᠤ᠂ ᠴᠤᠭᠴᠠᠯᠠᠨ ᠪᠠᠶᠢᠭᠤᠯᠬᠤ ᠨᠡᠶᠢᠯᠡᠮᠡᠯ ᠬᠦᠴᠦᠨ ᠢ ᠪᠦᠷᠢᠯᠳᠦᠬᠦᠯᠵᠦ᠂ ᠴᠤᠭᠴᠠᠯᠠᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠳᠡᠢ︔ ᠲᠡᠭᠡᠲᠤ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ ᠴᠡᠭᠴᠡᠯᠡᠨ ᠵᠠᠰᠠᠯᠲᠠ ᠪᠠᠨ ᠬᠦᠴᠦᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠴᠤᠭᠴᠠᠯᠠᠨ ᠪᠠᠶᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠪᠠᠨ ᠰᠤᠳᠤᠯᠤᠨ ᠪᠠᠶᠢᠭᠤᠯᠬᠤ ᠶᠢᠨ ᠬᠠᠮᠲᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠲᠠᠶᠢᠴᠢᠯᠠᠵᠦ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠠᠵᠢᠯ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠵᠦ᠂ ᠴᠤᠭᠴᠠᠯᠠᠨ ᠪᠠᠶᠢᠭᠤᠯᠬᠤ ᠠᠵᠢᠯ ᠤᠨ ᠥᠷᠨᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠳᠡᠢ ᠬᠡᠵᠡᠢ︔ ᠢᠲᠡᠭᠡᠯ ᠵᠣᠷᠢᠭ ᠢᠶᠠᠨ ᠪᠠᠲᠤᠳᠬᠠᠵᠤ᠂ ᠰᠢᠯᠭᠠᠨ ᠲᠣᠭᠲᠠᠭᠠᠬᠤ ᠱᠠᠭᠠᠷᠳᠠᠯᠭ᠎ᠠ ᠯᠤᠭ᠎ᠠ ᠪᠠᠷᠢᠮᠵᠢᠶᠠᠯᠠᠵᠤ᠂ ᠬᠠᠷᠢᠭᠤᠴᠠᠯᠭ᠎ᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠱᠠᠲᠤ ᠲᠡᠰ ᠤᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠤᠭᠴᠠᠯᠠᠨ ᠪᠠᠶᠢᠭᠤᠯᠬᠤ ᠠᠵᠢᠯ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ︽ᠬᠤᠶᠠᠷ ᠬᠤᠳᠠ ᠶᠢ ᠬᠤᠯᠪᠤᠭᠠᠯᠠᠨ ᠴᠤᠭᠴᠠᠯᠠᠬᠤ︾ ᠡᠨᠡ ᠬᠦ ᠬᠠᠲᠠᠭᠤ ᠲᠠᠶᠢᠯᠠᠯᠳᠣᠭᠠᠨ ᠳᠤ ᠬᠠᠮᠲᠤ ᠪᠠᠷ ᠢᠯᠠᠯᠲᠠ ᠣᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号