ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠠᠶᠢᠷᠤᠪ ᠤᠨ ᠲᠣᠬᠤᠢ ᠲᠣᠭᠤᠷᠢᠭ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠠᠭᠤᠴᠢᠨ ᠪᠠᠶᠢᠰᠢᠩᠲᠤ ᠲᠤᠭᠤᠷᠢᠭ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠵᠡᠷᠭᠡ ᠭᠠᠵᠠᠷ ᠲᠤ ᠭᠦᠨᠵᠡᠭᠡᠶᠢᠷᠡᠵᠦ᠂ ᠤᠯᠤᠰ ᠤᠨ ᠡᠷᠡᠭᠦᠯ ᠬᠠᠮᠠᠭᠠᠯᠠᠯ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2020-08-13
     8 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠠᠶᠢᠷᠤᠪ ᠤᠨ ᠲᠣᠬᠤᠢ ᠲᠣᠭᠤᠷᠢᠭ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠠᠭᠤᠴᠢᠨ ᠪᠠᠶᠢᠰᠢᠩᠲᠤ ᠲᠤᠭᠤᠷᠢᠭ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠵᠡᠷᠭᠡ ᠭᠠᠵᠠᠷ ᠲᠤ ᠭᠦᠨᠵᠡᠭᠡᠶᠢᠷᠡᠵᠦ᠂ ᠤᠯᠤᠰ ᠤᠨ ᠡᠷᠡᠭᠦᠯ ᠬᠠᠮᠠᠭᠠᠯᠠᠯ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠣᠳᠣᠯᠪᠠ᠃ ᠲᠡᠷᠡ ᠴᠢᠬᠤᠯᠠᠴᠢᠯᠠᠭᠰᠠᠨ ᠨᠢ᠂ ᠪᠦᠬᠦ ᠬᠤᠲᠠ ᠳᠠᠶᠠᠭᠠᠷ ᠦᠳᠲᠡᠷ ᠲᠦᠷᠭᠡᠨ ᠢᠶᠠᠷ ᠬᠦᠴᠦᠯᠡᠨ ᠰᠢᠪᠲᠤᠯᠤᠯᠲᠠ ᠬᠢᠬᠦ᠂ ᠰᠢᠢᠳᠪᠦᠷᠢᠲᠦ ᠢᠯᠠᠯᠲᠠ ᠣᠯᠬᠤ ᠣᠪᠣᠷ ᠪᠠ ᠡᠷᠴᠢ ᠵᠣᠷᠢᠭ ᠢᠶᠠᠨ ᠪᠠᠳᠠᠷᠠᠭᠤᠯᠵᠤ᠂ ᠠᠰᠠᠭᠤᠳᠠᠯ ᠤᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠴᠢᠩᠭᠠᠳᠬᠠᠵᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠤᠭᠴᠠᠯᠠᠨ ᠪᠠᠶᠢᠭᠤᠯᠬᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠬᠦᠯᠬᠦ ᠶᠢ ᠪᠠᠲᠤᠯᠠᠬᠤ ᠬᠡᠷᠡᠭᠳᠡᠢ ᠬᠡᠵᠡᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠬᠤ᠋ ᠱᠠᠨ ᠱᠦᠨ ᠬᠠᠮᠲᠤ ᠪᠠᠶᠢᠴᠠᠭᠠᠨ ᠰᠤᠳᠤᠯᠪᠠ᠃       ᠶᠢᠨ ᠢᠦᠶ ᠵᠠᠬ᠎ᠠ ᠳᠡᠯᠭᠡᠭᠦᠷ᠂ ᠰᠢᠨ᠎ᠡ ᠲᠢᠶᠠᠨ ᠳ᠋ᠢ ᠬᠤᠳᠠᠯᠳᠤᠭᠠᠨ ᠤ ᠵᠡᠭᠡᠯᠢ ᠵᠢᠴᠢ ᠵᠠᠬ᠎ᠠ ᠳᠡᠯᠭᠡᠭᠦᠷ ᠲᠤ᠂ ᠳᠠᠩ ᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ᠂ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠶᠢᠴᠠᠭᠠᠨ ᠦᠵᠡᠵᠦ᠂ ᠡᠭᠦᠨ ᠤ ᠬᠠᠮᠲᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯᠲᠠᠨ ᠪᠣᠯᠤᠨ ᠬᠤᠳᠠᠯᠳᠤᠭᠠᠴᠢᠳ ᠲᠠᠢ ᠰᠣᠯᠢᠯᠴᠠᠵᠤ᠂ ᠵᠠᠬ᠎ᠠ ᠳᠡᠯᠭᠡᠭᠦᠷ ᠤᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ᠂ ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠲᠡᠷᠡ ᠵᠠᠬ᠎ᠠ ᠳᠡᠯᠭᠡᠭᠦᠷ ᠤᠨ ᠬᠠᠮᠢᠶᠠᠷᠤᠭᠴᠢ ᠳᠤ ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠡᠷᠡᠭᠦᠯ ᠬᠠᠮᠠᠭᠠᠯᠠᠯ ᠤᠨ ᠠᠷᠢᠭᠤᠨ ᠴᠡᠪᠡᠷ ᠢ ᠨᠢ ᠰᠠᠶᠢᠲᠤᠷ ᠬᠢᠯᠭᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠡᠮᠬᠢ ᠵᠢᠷᠤᠮ ᠲᠠᠢ᠂ ᠣᠷᠴᠢᠨ ᠲᠣᠭᠤᠷᠢᠨ ᠤ ᠠᠷᠢᠭᠤᠨ ᠴᠡᠪᠡᠷ ᠴᠡᠪᠡᠷ ᠲᠡᠭᠰᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠳᠡᠢ ᠬᠡᠵᠦ ᠵᠠᠬᠢᠪᠠ᠃ ᠶᠢᠨ ᠢᠦᠶ ᠨᠡᠶᠢᠭᠡᠮ ᠲᠣᠭᠤᠷᠢᠭ᠂ ᠰᠢᠨ ᠴᠢᠶᠣᠤ ᠶᠡᠭᠡ ᠵᠡᠭᠡᠯᠢ ᠶᠢᠨ ᠬᠤᠶᠠᠳᠤᠭᠠᠷ ᠬᠥᠷᠰᠢ ᠵᠡᠷᠭᠡᠯᠡᠳᠡᠭᠡ᠂ ᠳᠠᠩ ᠢ ᠵᠡᠭᠡᠯᠢ ᠶᠢᠨ ᠵᠢᠵᠢᠭ ᠭᠤᠳᠤᠮᠵᠢ ᠳᠤ ᠭᠦᠨᠵᠡᠭᠡᠶᠢᠷᠡᠨ᠂ ᠭᠠᠵᠠᠷ ᠤᠨ ᠭᠠᠳᠠᠷᠭᠤ ᠶᠢ ᠴᠡᠪᠡᠷᠯᠡᠭᠰᠡᠨ᠂ ᠤᠰᠤ ᠵᠠᠯᠠᠵᠤ ᠪᠣᠬᠢᠷ ᠪᠣᠳᠠᠰ ᠭᠠᠳᠠᠭᠰᠢᠯᠠᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠬᠠᠭᠤᠴᠢᠨ ᠰᠠᠭᠤᠭᠠᠯᠢ ᠲᠣᠭᠤᠷᠢᠭ ᠵᠢᠴᠢ ᠪᠠᠶᠢᠰᠢᠩᠲᠤ ᠲᠣᠭᠤᠷᠢᠭ ᠢ ᠥᠭᠡᠷᠡᠴᠢᠯᠡᠬᠦ ᠶᠠᠪᠤᠴᠠ ᠳᠤ᠂ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠶᠢ ᠴᠢᠬᠤᠯᠠᠴᠢᠯᠠᠵᠤ᠂ ᠭᠤᠳᠤᠮᠵᠢ ᠶᠢᠨ ᠵᠠᠮ ᠢ ᠬᠠᠲᠠᠭᠤᠷᠠᠭᠤᠯᠬᠤ᠂ ᠤᠰᠤ ᠵᠠᠯᠠᠵᠤ ᠪᠣᠬᠢᠷ ᠪᠣᠳᠠᠰ ᠭᠠᠳᠠᠭᠰᠢᠯᠠᠭᠤᠯᠬᠤ᠂ ᠨᠡᠶᠢᠲᠡ ᠶᠢᠨ ᠵᠣᠷᠯᠣᠩ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠ ᠪᠠᠷ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠪᠤᠳᠠᠷᠬᠠᠢ ᠪᠤᠲᠤᠯᠢᠶᠠᠨᠳᠠᠢ ᠪᠤᠬᠢᠷᠳᠠᠯ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠠᠭᠤᠭᠠᠯᠢ ᠠᠷᠠᠳ ᠤᠨ ᠴᠢᠳᠠᠮᠵᠢ ᠪᠠᠷ ᠪᠦᠷᠢᠨ ᠬᠦᠢᠴᠡᠳ᠂ ᠣᠷᠴᠢᠨ ᠲᠣᠭᠤᠷᠢᠨ ᠨᠢ ᠭᠤᠶᠤ ᠰᠠᠶᠢᠬᠠᠨ᠂ ᠠᠮᠢᠳᠤᠷᠠᠯ ᠨᠢ ᠲᠠᠭᠠᠯᠠᠮᠵᠢᠳᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠶ ᠬᠡᠵᠦ ᠱᠠᠭᠠᠷᠳᠠᠪᠠ᠃ ᠴᠡᠴᠡᠷᠯᠢᠭ ᠤᠨ ᠵᠡᠭᠦᠨ ᠡᠭᠦᠳᠡᠨ ᠤ ᠬᠤᠭ ᠨᠣᠪᠰᠢ ᠵᠥᠭᠡᠭᠡᠪᠦᠷᠢᠯᠡᠪᠡ ᠥᠷᠲᠡᠭᠡ᠂ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠳᠤ᠂ ᠳᠠᠩ ᠢ ᠬᠤᠭ ᠨᠣᠪᠰᠢ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ ᠵᠢᠴᠢ ᠠᠷᠢᠭᠤᠳᠬᠠᠨ ᠣᠰᠠᠳᠬᠠᠬᠤ ᠵᠡᠷᠭᠡ ᠠᠵᠢᠯ ᠢ ᠣᠶᠢᠯᠠᠭᠠᠵᠤ᠂ ᠠᠵᠢᠯ ᠤᠨ ᠴᠤᠪᠤᠷᠠᠯ ᠢ ᠴᠢᠩᠭ᠎ᠠ ᠵᠢᠷᠤᠮᠵᠢᠭᠤᠯᠵᠤ᠂ ᠰᠢᠢᠳᠪᠦᠷᠢᠯᠡᠬᠦ ᠤᠷ᠎ᠠ ᠮᠡᠷᠭᠡᠰᠢᠯ ᠢᠶᠠᠨ ᠲᠠᠰᠤᠷᠠᠯᠲᠠ ᠥᠬᠡᠶ ᠰᠠᠶᠢᠵᠢᠷᠠᠭᠤᠯᠵᠤ᠂ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠬᠢᠷᠢ ᠲᠦᠪᠰᠢᠨ ᠪᠠ ᠡᠬᠢ ᠪᠠᠶᠠᠯᠢᠭ ᠢ ᠠᠰᠢᠭᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠳᠠᠩ ᠢ ᠴᠢᠬᠤᠯᠠᠴᠢᠯᠠᠭᠰᠠᠨ ᠨᠢ᠂ ᠣᠳᠣᠬᠠᠨ ᠳᠤ᠂ ᠮᠠᠨ ᠤ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠨᠢᠭᠡᠨᠲᠡ ᠲᠦᠢᠯ ᠤᠨ ᠵᠠᠩᠭᠢᠯᠠᠭ᠎ᠠ ᠶᠢᠨ ᠴᠠᠭ ᠦᠶ᠎ᠡ ᠳᠤ ᠬᠦᠷᠴᠦ ᠢᠷᠡᠵᠡᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠡᠷᠬᠡᠪᠰᠢ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠳᠡᠢ᠃ ᠴᠤᠭᠴᠠᠯᠠᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠵᠤ᠂ ᠪᠠᠭᠤᠷᠠᠶ ᠲᠠᠯ᠎ᠠ ᠪᠠᠨ ᠴᠢᠩᠭ᠎ᠠ ᠠᠩᠬᠠᠷᠴᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠵᠢᠭᠰᠠᠭᠠᠵᠤ᠂ ᠣᠨᠣᠪᠴᠢᠲᠠᠶ ᠬᠦᠴᠦᠯᠡᠵᠦ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠳᠤᠲᠠᠭᠤᠳᠠᠯ ᠢᠶᠠᠨ ᠨᠥᠬᠦᠪᠥᠷᠢᠯᠡᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠳᠡᠢ᠃ ᠪᠦᠬᠦ ᠲᠠᠯ᠎ᠠ ᠪᠠᠷ ᠣᠯᠠᠨ ᠠᠷᠭ᠎ᠠ ᠬᠡᠮᠵᠢᠶ᠎ᠡ ᠠᠪᠴᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠳᠡᠭᠡᠭᠰᠢᠯᠡᠭᠦᠯᠦᠨ ᠪᠠᠬᠢᠵᠢᠭᠦᠯᠬᠦ ᠬᠡᠷᠡᠭᠳᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠭᠦᠷᠭᠡ ᠪᠠᠨ ᠵᠠᠳᠠᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠢ ᠠᠬᠢᠭᠤᠯᠵᠤ᠂ ᠴᠤᠭᠴᠠᠯᠠᠨ ᠪᠠᠶᠢᠭᠤᠯᠬᠤ ᠡᠯ᠎ᠡ ᠵᠦᠢᠯ ᠤᠨ ᠠᠵᠢᠯ ᠢᠶᠠᠨ ᠪᠣᠳᠠᠳᠠᠢ ᠪᠦᠭᠡᠳ ᠨᠠᠷᠢᠯᠢᠭ ᠬᠢᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠡᠯ᠎ᠡ ᠵᠦᠢᠯ ᠤᠨ ᠡᠭᠦᠷᠭᠡ ᠪᠠᠨ ᠲᠣᠭᠲᠠᠭᠰᠠᠨ ᠴᠠᠭ ᠲᠤ ᠴᠢᠨᠠᠷ ᠰᠠᠶᠢᠳᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号