ᠵᠠᠮ ᠤᠨ ᠰᠤᠶᠢᠳᠭᠡᠯ ᠳᠤᠬᠠᠢ ᠰᠢᠨ᠎ᠠ ᠳᠤᠭᠳᠠᠭᠠᠯ
ᠨᠡᠶᠢᠲᠡᠯᠡᠭᠰᠡᠨ ᠴᠠᠭ᠄
2020/8/19
     ᠡᠳ᠋ ᠤᠨ ᠵᠠᠰᠠᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶᠠᠷᠤᠯᠲᠠ ᠶᠢᠨ ᠲᠣᠪᠴᠢᠶ᠎ᠠ᠂ ᠲᠥᠪ ᠤᠨ ᠰᠢᠭᠤᠳ ᠬᠠᠷᠢᠶ᠎ᠠ ᠬᠠᠮᠢᠶᠠᠷᠤᠯᠲᠠ ᠶᠢᠨ ᠲᠣᠪᠴᠢᠶ᠎ᠠ  ᠣᠷᠴᠢᠮᠬᠠᠨ ︽ᠵᠠᠮ ᠤᠨ ᠰᠦᠢᠳᠭᠡᠯ ᠬᠤᠭᠤᠯᠠᠨ ᠰᠦᠢᠳᠭᠡᠯ ᠪᠣᠯᠤᠨ ᠬᠤᠲᠠ ᠳᠣᠲᠣᠷᠠᠬᠢ ᠵᠠᠮ ᠬᠠᠷᠢᠯᠴᠠᠭᠠᠨ ᠤ ᠰᠦᠢᠳᠭᠡᠯ ᠬᠤᠷᠢᠶᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠦᠢᠯᠡᠰ ᠢ ᠵᠢᠷᠤᠮᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃            ᠮᠡᠳᠡᠭᠳᠡᠯ ᠳᠤ᠂ ᠲᠥᠪ ᠤᠨ ᠨᠢᠭᠡᠴᠡ ᠶᠢᠨ ᠠᠵᠢᠯ ᠢᠶᠠᠷ ᠭᠠᠳᠠᠭᠰᠢ ᠭᠠᠷᠤᠭᠰᠠᠳ ᠠᠵᠢᠯ ᠢᠶᠠᠷ ᠭᠠᠳᠠᠭᠰᠢ ᠭᠠᠷᠤᠭᠰᠠᠨ ᠬᠤᠭᠤᠴᠠᠭᠠᠨ ᠳᠠᠭᠠᠨ ᠲᠣᠭᠲᠠᠭᠠᠯ ᠶᠣᠰᠣᠭᠠᠷ ᠨᠥᠬᠦᠪᠥᠷᠢ ᠮᠥᠩᠭᠦ ᠠᠪᠬᠤ ᠬᠡᠷᠡᠭᠲᠡᠶ᠃ ᠦᠨᠡᠨᠬᠦ ᠠᠵᠢᠯ ᠤᠨ ᠬᠡᠷᠡᠭᠴᠡᠭᠡ ᠠᠴᠠ ᠪᠣᠯᠵᠦ ᠬᠦᠯᠢᠶᠡᠨ ᠠᠪᠬᠤ ᠨᠢᠭᠡᠴᠡ ᠨᠢ ᠲᠣᠭᠲᠠᠭᠠᠯ ᠶᠣᠰᠣᠭᠠᠷ ᠨᠢᠭᠡ ᠤᠳᠠᠭᠠᠨ ᠤ ᠠᠵᠢᠯ ᠤᠨ ᠬᠤᠭᠤᠯᠠ ᠲᠣᠬᠢᠷᠠᠭᠤᠯᠬᠤ ᠠᠴᠠ ᠭᠠᠳᠠᠨᠠᠬᠢ ᠬᠤᠭᠤᠯᠠᠨ ᠰᠦᠢᠳᠭᠡᠯ ᠢᠶᠠᠨ ᠥᠪᠡᠷᠲᠡᠬᠡᠨ ᠰᠢᠢᠳᠪᠦᠷᠢᠯᠡᠬᠦ ᠬᠡᠷᠡᠭᠲᠡᠶ᠃  ᠠᠵᠢᠯ ᠢᠶᠠᠷ ᠭᠠᠳᠠᠭᠰᠢ ᠭᠠᠷᠤᠬᠰᠠᠳ ᠬᠦᠯᠢᠶᠡᠨ ᠠᠪᠬᠤ ᠨᠢᠭᠡᠴᠡ ᠪᠠᠷ ᠬᠤᠭᠤᠯᠠ ᠲᠤᠬᠢᠷᠠᠭᠤᠯᠬᠤ ᠴᠢᠬᠤᠯᠠᠴᠢᠯᠠᠭ᠎ᠠ ᠲᠠᠢ ᠪᠤᠯ᠂ ᠬᠤᠭᠤᠯᠠᠨ ᠮᠦᠡᠭᠭᠦ ᠶᠢᠨ ᠪᠠᠷᠢᠮᠵᠢᠶ᠎ᠠ ᠪᠠᠨ ᠤᠷᠢᠳᠴᠢᠯᠠᠨ ᠮᠡᠳᠡᠭᠳᠡᠬᠦ ᠶᠢᠨ ᠬᠠᠮᠲᠤ ᠬᠤᠭᠤᠯᠠ ᠬᠠᠩᠭᠠᠬᠤ ᠲᠠᠯ᠎ᠠ ᠳᠤ ᠬᠤᠭᠤᠯᠠᠨ ᠰᠦᠢᠳᠭᠡᠯ ᠲᠤᠰᠢᠶᠠᠬᠤ  ᠬᠡᠷᠡᠭᠲᠡᠶ᠃ ᠠᠵᠢᠯ ᠢᠶᠠᠷ ᠭᠠᠳᠠᠭᠰᠢ ᠭᠠᠷᠤᠬᠰᠠᠳ ᠠᠵᠢᠯ ᠢᠶᠠᠷ ᠭᠠᠳᠠᠭᠰᠢ ᠭᠠᠷᠤᠭᠰᠠᠨ ᠬᠤᠭᠤᠴᠠᠭᠠᠨ ᠳᠠᠭᠠᠨ ᠲᠣᠭᠲᠠᠭᠠᠯ ᠶᠣᠰᠣᠭᠠᠷ ᠬᠤᠲᠠ ᠳᠣᠲᠣᠷᠠᠬᠢ ᠵᠠᠮ ᠬᠠᠷᠢᠯᠴᠠᠭᠠᠨ ᠤ ᠰᠦᠢᠳᠭᠡᠯ ᠤᠨ ᠨᠦᠬᠦᠪᠦᠷᠢ ᠠᠪᠬᠤ ᠬᠡᠷᠡᠭᠲᠡᠶ᠃ ᠬᠦᠯᠢᠶᠡᠨ ᠠᠪᠬᠤ ᠨᠢᠭᠡᠴᠡ ᠨᠢ ᠵᠠᠮ ᠬᠠᠷᠢᠯᠴᠠᠭᠠᠨ ᠤ ᠪᠠᠭᠠᠵᠢ ᠬᠠᠩᠭᠠᠬᠤ ᠪᠥᠭᠡᠳ ᠰᠦᠢᠳᠭᠡᠯ ᠬᠤᠷᠢᠶᠠᠬᠤ ᠪᠠᠷᠢᠮᠵᠢᠶ᠎ᠠ ᠲᠠᠢ ᠪᠠᠶᠢᠬᠤ ᠳᠤ ᠬᠦᠷᠪᠡᠯ᠂  ᠠᠵᠢᠯ ᠢᠶᠠᠷ ᠭᠠᠳᠠᠭᠰᠢ ᠭᠠᠷᠤᠬᠰᠠᠳ ᠨᠢ ᠪᠠᠷᠢᠮᠵᠢᠶ᠎ᠠ ᠶᠣᠰᠣᠭᠠᠷ ᠰᠦᠢᠳᠭᠡᠯ ᠲᠤᠰᠢᠶᠠᠬᠤ ᠬᠡᠷᠡᠭᠳᠡᠢ᠂  ᠬᠠᠮᠤᠭ ᠤᠨ ᠥᠨᠳᠥᠷ ᠲᠡᠭᠡᠨ ᠬᠤᠲᠠ ᠳᠣᠲᠣᠷᠠᠬᠢ ᠵᠠᠮ ᠬᠠᠷᠢᠯᠴᠠᠭᠠᠨ ᠤ ᠰᠦᠢᠳᠭᠡᠯ ᠤᠨ ᠨᠢᠭᠡ ᠡᠳᠦᠷ ᠤᠨ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠢ︔ ᠰᠦᠢᠳᠭᠡᠯ ᠬᠤᠷᠢᠶᠠᠬᠤ ᠪᠠᠷᠢᠮᠵᠢᠶ᠎ᠠ ᠪᠠᠶᠢᠬᠤ ᠦᠭᠡᠢ ᠳᠤ ᠬᠦᠷᠪᠡᠯ ᠬᠥᠮᠦᠨ ᠪᠦᠷᠢ ᠬᠠᠭᠠᠰ ᠡᠳᠦᠷ ᠲᠤ ᠬᠤᠲᠠ ᠳᠣᠲᠣᠷᠠᠬᠢ ᠵᠠᠮ ᠬᠠᠷᠢᠯᠴᠠᠭᠠᠨ ᠤ ᠰᠦᠢᠳᠭᠡᠯ ᠤᠨ ᠪᠠᠷᠢᠮᠵᠢᠶ᠎ᠠ ᠶᠢᠨ 50 % ᠪᠠᠷ ᠲᠤᠰᠢᠶᠠᠬᠤ ᠬᠡᠷᠡᠭᠳᠡᠢ ᠬᠡᠵᠦ ᠵᠢᠭᠠᠵᠤ ᠭᠠᠷᠭᠠᠪᠠ᠃            ᠮᠡᠳᠡᠭᠳᠡᠯ ᠳᠤ᠂ ᠬᠦᠯᠢᠶᠡᠨ ᠠᠪᠬᠤ ᠨᠢᠭᠡᠴᠡ ᠠᠴᠠ ᠬᠤᠭᠤᠯᠠ ᠤᠮᠳᠠ ᠲᠣᠬᠢᠷᠠᠭᠤᠯᠬᠤ᠂ ᠵᠠᠮ ᠬᠠᠷᠢᠯᠴᠠᠭᠠᠨ ᠤ ᠪᠠᠭᠠᠵᠢ ᠬᠠᠩᠭᠠᠬᠤ ᠳᠤ ᠬᠦᠷᠪᠡᠯ᠂ ᠠᠯᠪᠠᠨ ᠠᠵᠢᠯ ᠢᠶᠠᠷ ᠭᠠᠳᠠᠭᠰᠢ ᠭᠠᠷᠤᠭᠰᠠᠳ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠪᠠᠯᠠ ᠮᠥᠩᠭᠦ ᠶᠢᠨ ᠶᠠᠪᠤᠯᠴᠠᠭᠠᠨ ᠤ ᠲᠤᠭᠠᠴᠠᠭ᠎ᠠ ᠬᠢᠭᠰᠡᠨ ᠫᠢᠶᠣᠣ ᠪᠠᠷᠢᠮᠲᠠ ᠪᠤᠶᠤ ᠭᠠᠶᠢᠯᠢ ᠶᠢᠨ ᠶᠠᠪᠤᠳᠠᠯ ᠤᠨ ᠪᠠᠷᠢᠮᠲᠠ ᠵᠡᠷᠭᠡ ᠭᠡᠷᠡᠴᠢ ᠪᠠᠷᠢᠮᠲᠠ ᠠᠪᠴᠤ᠂ ᠦᠪᠡᠷ ᠢᠶᠠᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠂ ᠭᠡᠬᠦ ᠲᠡᠭᠡᠨ ᠡᠭᠦᠨ ᠢ ᠳᠠᠩᠰᠠ ᠲᠠᠶᠢᠯᠬᠤ ᠦᠨᠳᠦᠰᠦᠯᠡᠯ ᠪᠣᠯᠭᠠᠬᠤ ᠥᠬᠡᠶ᠃ ᠬᠦᠯᠢᠶᠡᠨ ᠠᠪᠬᠤ ᠨᠢᠭᠡᠴᠡ ᠨᠢ ᠠᠯᠪᠠᠨ ᠠᠵᠢᠯ ᠢᠶᠠᠷ ᠭᠠᠳᠠᠭᠰᠢ ᠭᠠᠷᠤᠭᠰᠠᠳ ᠤᠨ ᠬᠠᠮᠢᠶ᠎ᠠ ᠪᠦᠬᠦᠢ ᠵᠠᠷᠤᠳᠠᠯ ᠤᠨ ᠰᠦᠢᠳᠭᠡᠯ ᠢ ᠲᠣᠭᠲᠠᠭᠠᠯ ᠶᠣᠰᠣᠭᠠᠷ ᠬᠤᠷᠢᠶᠠᠨ ᠠᠪᠴᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠪᠠᠯᠠ ᠮᠥᠩᠭᠦ ᠶᠢᠨ ᠶᠠᠪᠤᠯᠴᠠᠭᠠᠨ ᠤ ᠲᠤᠭᠠᠴᠠᠭ᠎ᠠ ᠬᠢᠭᠰᠡᠨ ᠫᠢᠶᠣᠣ ᠪᠠᠷᠢᠮᠲᠠ ᠪᠤᠶᠤ ᠭᠠᠶᠢᠯᠢ ᠶᠢᠨ ᠶᠠᠪᠤᠳᠠᠯ ᠤᠨ ᠪᠠᠷᠢᠮᠲᠠ ᠶᠢ ᠴᠠᠭ ᠲᠤᠬᠠᠶ ᠳᠤᠨᠢ ᠭᠠᠷᠭᠠᠵᠤ ᠥᠭᠬᠦ ᠬᠡᠷᠡᠭᠲᠡᠶ︔  ᠳᠡᠭᠡᠷ᠎ᠡ ᠳᠤᠷᠠᠳᠤᠭᠰᠠᠨ ᠭᠡᠷᠡᠴᠢ ᠪᠠᠷᠢᠮᠲᠠ ᠶᠢ ᠦᠨᠡᠬᠡᠷ ᠭᠠᠷᠭᠠᠵᠤ ᠥᠭᠬᠦ ᠶᠢᠨ ᠠᠷᠭ᠎ᠠ ᠦᠭᠡᠢ  ᠪᠤᠯ᠂ ᠪᠤᠰᠤᠳ ᠭᠡᠷᠡᠴᠢ ᠪᠠᠷᠢᠮᠲᠠ ᠭᠠᠷᠭᠠᠵᠤ ᠦᠭᠴᠦ ᠪᠣᠯᠤᠨ᠎ᠠ ᠬᠡᠵᠦ ᠴᠢᠬᠤᠯᠠᠴᠢᠯᠠᠵᠠᠢ᠃ ︽ᠮᠡᠳᠡᠭᠳᠡᠯ︾ ᠢ 2019 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠣᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号