ᠮᠠᠨ ᠤ ᠬᠤᠲᠠ ᠶᠢᠨ ᠪᠠᠶᠢᠴᠠᠭᠠᠨ ᠰᠤᠳᠤᠯᠬᠤ ᠲᠤᠭᠤᠶᠢᠯᠠᠩ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 18 ᠤ ᠡᠳᠦᠷ᠂ ᠮᠠᠨ ᠤ ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠮᠨᠡᠯᠭᠡ ᠶᠢᠨ ᠭᠠᠵᠠᠷ᠂ ᠵᠣᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠭᠦᠨᠵᠡᠭᠡᠶᠢᠷᠡᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠲᠤᠬᠠᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠡᠮᠴᠢᠯᠡᠭᠡᠨ ᠤ ᠦᠢᠯᠡᠴᠢᠯᠡᠭᠡ ᠶᠢᠨ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠤᠲᠠ ᠶᠢᠨ ᠴᠢᠰᠤᠨ ᠤ ᠲᠦᠪ ᠥᠷᠲᠡᠭᠡ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠲᠤ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠡᠷᠭᠡ ᠭᠠᠵᠠᠷ ᠲᠤ ᠬᠦᠷᠴᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠷᠢ ᠪᠡᠯᠡᠳᠬᠡᠮᠵᠢ ᠲᠣᠬᠢᠷᠠᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠵᠦᠢᠯ ᠤᠨ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠮᠠᠭᠠᠶ ᠤᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠡᠯ᠎ᠡ ᠬᠤᠯᠪᠤᠭᠳᠠᠯ ᠪᠦᠬᠦᠢ ᠨᠢᠭᠡᠴᠡ ᠲᠡᠭᠡᠲᠤ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠢᠴᠢ ᠡᠮᠴᠢᠯᠡᠭᠡᠨ ᠤ ᠦᠢᠯᠡᠴᠢᠯᠡᠭᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ︔ ᠪᠠᠷᠢᠮᠵᠢᠶ᠎ᠠ  ᠯᠤᠭ᠎ᠠ ᠴᠢᠩᠭ᠎ᠠ ᠬᠠᠷᠢᠴᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠶ︔ ᠢᠳᠡᠪᠬᠢᠲᠡᠢ ᠬᠠᠮᠵᠢᠯᠴᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠨᠢᠭᠲᠠ ᠬᠠᠮᠲᠤᠷᠠᠯᠴᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ ᠬᠡᠵᠦ ᠱᠠᠭᠠᠷᠳᠠᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号