ᠪᠦᠬᠦ ᠬᠤᠲᠠ ᠶᠢᠨ 2020 ᠣᠨ ᠤ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 19 ᠤ ᠡᠳᠦᠷ᠂ ᠪᠦᠬᠦ ᠬᠤᠲᠠ ᠶᠢᠨ 2020 ᠣᠨ ᠤ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠤᠨ ᠬᠤᠷᠠᠯ ᠬᠤᠷᠠᠯᠳᠣᠵᠣ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠠᠴᠠ ᠣᠳᠣᠬᠠᠨ ᠤ ᠮᠠᠨ ᠤ ᠬᠤᠲᠠ ᠶᠢᠨ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠮᠠᠨ ᠤ ᠬᠤᠲᠠ ᠶᠢᠨ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠵᠢᠶᠠ ᠴᠢᠩ ᠳ᠋ᠦᠩ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠡᠯ᠎ᠡ ᠱᠠᠲᠤᠨ ᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠢᠮᠠᠭᠲᠠ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠢ ᠪᠠᠶᠢᠩᠭᠤ ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠭᠠᠨ ᠠᠳᠬᠤᠵᠤ᠂ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠤᠶᠠᠯᠳᠣᠭᠤᠯᠣᠨ᠂ ᠶᠡᠭᠡ ᠲᠠᠯ᠎ᠠ ᠳᠤ ᠦᠢᠯᠡᠴᠢᠯᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠠᠬᠢᠭᠤᠯᠤᠭᠰᠠᠨ ᠠᠴᠠ ᠪᠦᠬᠦ ᠬᠤᠲᠠ ᠶᠢᠨ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠳᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠪᠡ ᠬᠡᠵᠡᠢ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠬᠤ ᠪᠣᠯ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠪᠠᠶᠢᠳᠠᠯ ᠡᠭᠦᠷᠭᠡ ᠳᠤ ᠵᠣᠬᠢᠴᠠᠭᠤᠯᠬᠤ ᠶᠢᠨ ᠲᠤᠯᠭᠠᠮ ᠱᠠᠭᠠᠷᠳᠠᠯᠭ᠎ᠠ ᠮᠥᠨ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠥᠨ᠂ ᠡᠯ᠎ᠡ ᠱᠠᠲᠤᠨ ᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠳᠤ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠵᠥᠪ ᠡᠵᠡᠮᠰᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠭᠡᠰᠢᠭᠦᠨ ᠺᠠᠳ᠋ᠷᠴᠣᠳ ᠠᠵᠢᠯᠲᠠᠨ ᠢ ᠬᠥᠮᠦᠵᠢᠭᠦᠯᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠺᠠᠳ᠋ᠷ ᠠᠵᠢᠯᠲᠠᠨ ᠢ ᠬᠥᠲᠥᠯᠥᠨ ᠵᠢᠯᠣᠭᠤᠳᠴᠤ ︽ᠳᠥᠷᠪᠡᠨ ᠢᠲᠡᠭᠡᠯ︾ ᠢ ᠨᠢ ᠨᠡᠮᠡᠭᠳᠡᠬᠦᠯᠬᠦ ᠬᠠᠮᠲᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠪᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠵᠦ᠂ ᠠᠵᠤ ᠠᠬᠤᠶᠢᠯᠠᠯ ᠤᠨ ᠰᠣᠶᠣᠯ ᠢᠶᠠᠷ ᠬᠥᠮᠦᠨ ᠢ ᠬᠥᠮᠦᠵᠢᠭᠦᠯᠬᠦ ᠥᠪᠡᠷᠮᠢᠴᠡ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠰᠢᠨ᠎ᠡ ᠴᠠᠭ ᠦᠶ᠎ᠡ ᠶᠢᠨ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯᠲᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ᠃ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ᠂ ᠤᠷᠲᠤ ᠬᠤᠭᠤᠴᠠᠭ᠎ᠠ ᠪᠠᠷ ᠬᠡᠪ ᠰᠤᠷᠲᠠᠯ ᠢᠶᠠᠨ ᠬᠤᠪᠢᠷᠠᠭᠤᠯᠬᠤ ᠶᠢ ᠪᠡᠶᠡᠯᠡᠭᠦᠯᠵᠦ᠂ ᠡᠯ᠎ᠡ ᠵᠦᠢᠯ ᠤᠨ ᠡᠬᠢ ᠪᠠᠶᠠᠯᠢᠭ ᠪᠣᠯᠤᠨ ᠬᠦᠴᠦᠨ ᠴᠢᠳᠠᠯ  ᠢᠶᠠᠨ ᠬᠦᠢᠴᠡᠳ ᠳᠠᠶᠢᠴᠢᠯᠠᠵᠤ᠂ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号