ᠬᠤᠲᠠ ᠶᠢᠨ ᠤᠳᠤᠷᠢᠳᠤᠯᠭ᠎ᠠ ᠬᠠᠶᠢᠨᠠᠨ ᠲᠣᠭᠤᠷᠢᠭ ᠤᠨ ︽ᠬᠤᠶᠠᠷ ᠬᠤᠲᠠ ᠶᠢ ᠬᠤᠯᠪᠣᠭᠠᠯᠠᠨ ᠴᠤᠭᠴᠠᠯᠠᠬᠤ ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/8/20
    8 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠠᠶᠢᠨᠠᠨ ᠲᠣᠭᠤᠷᠢᠭ ᠤᠨ ᠬᠤᠸᠠᠩ ᠾᠧ ᠴᠤᠭᠯᠠᠭ᠎ᠠ ᠮᠠᠶᠢᠮᠠᠶ ᠶᠢᠨ ᠵᠠᠬ᠎ᠠ ᠲᠡᠯᠭᠡᠬᠦᠷ᠂ ᠸᠠᠨ ᠮᠥ ᠲᠠᠨ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ︽ᠬᠤᠶᠠᠷ ᠬᠤᠲᠠ ᠶᠢ ᠬᠤᠯᠪᠣᠭᠠᠯᠠᠨ ᠴᠤᠭᠴᠠᠯᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠴᠢ ᠹᠸᠢ ᠶᠦᠨ ᠶᠠᠭᠤᠨ ᠤ ᠤᠷᠢᠳ ᠬᠠᠶᠢᠨᠠᠨ ᠲᠣᠭᠤᠷᠢᠭ ᠤᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠤᠤᠯ ᠤᠨ ᠲᠣᠭᠤᠷᠢᠭ ᠤᠨ ᠬᠡᠤᠷᠰᠢᠭᠦᠯᠬᠦ ᠦᠢᠯᠡᠳᠪᠦᠷᠢ ᠶᠢᠨ ᠡᠷᠭᠢᠨ ᠲᠣᠭᠤᠷᠢᠨ ᠤ ᠠᠮᠢ ᠠᠬᠤᠶ ᠶᠢ ᠰᠡᠷᠭᠦᠭᠡᠬᠦ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠬᠤᠸᠠᠩ ᠾᠧ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠤ ᠬᠦᠷᠴᠦ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠷᠥᠯ ᠵᠦᠢᠯ ᠤᠨ ᠲᠥᠯᠥᠪᠵᠢᠭᠦᠯᠪᠡ᠂ ᠠᠮᠢ ᠠᠬᠤᠶ ᠶᠢ ᠰᠡᠷᠭᠦᠭᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠤᠳᠠᠯᠳᠤᠭᠠᠴᠢᠨ ᠡᠷᠦᠬᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠲᠠᠰᠢᠷᠠᠮ ᠳᠠᠭᠠᠤ ᠰᠣᠭᠤᠴᠢᠨ ᠪᠠᠶᠢᠴᠠᠭᠠᠪᠠ᠃ ᠴᠢ ᠹᠸᠢ ᠶᠦᠨ ᠴᠢᠬᠤᠯᠠᠴᠢᠯᠠᠭᠰᠠᠨ ᠨᠢ᠂ ︽ᠬᠤᠶᠠᠷ ᠬᠤᠲᠠ ᠶᠢ ᠬᠤᠯᠪᠣᠭᠠᠯᠠᠨ ᠴᠤᠭᠴᠠᠯᠠᠬᠤ︾ ᠪᠠᠷ ᠤᠳᠤᠷᠢᠳᠤᠮᠵᠢ ᠪᠣᠯᠭᠠᠵᠤ᠂ ᠠᠮᠢ ᠠᠬᠤᠶ ᠶᠢ ᠰᠡᠷᠭᠦᠭᠡᠬᠦ ᠪᠠ ᠤᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠬᠡᠷᠡᠭᠵᠢᠬᠦᠯᠵᠦ᠂ ᠬᠤᠲᠠ ᠶᠢᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢᠶᠠᠨ ᠬᠦᠴᠦᠯᠡᠨ ᠰᠠᠶᠢᠵᠢᠷᠠᠭᠤᠯᠵᠤ᠂ ᠬᠤᠲᠠ ᠶᠢᠨ ᠶᠠᠰᠤ ᠴᠢᠨᠠᠷ ᠪᠣᠯᠤᠨ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠬᠡᠷᠡᠭᠳᠡᠢ ᠬᠡᠵᠡᠢ᠃ ᠴᠢ ᠹᠸᠢ ᠶᠦᠨ ᠵᠢᠭᠠᠵᠤ ᠭᠠᠷᠭᠠᠭᠰᠠᠨ ᠨᠢ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠨᠢ ᠠᠷᠠᠳ ᠣᠯᠠᠨ ᠤ ᠠᠮᠢᠲᠤᠷᠠᠯ ᠳᠤ ᠬᠤᠯᠪᠣᠭᠳᠠᠵᠤ᠂ ᠨᠠᠩ ᠴᠤ ᠬᠤᠲᠠ ᠶᠢᠨ ᠳᠦᠷᠢ ᠲᠥᠷᠬᠦ ᠶᠢᠨ ᠴᠤᠩᠬᠤᠪᠴᠢ ᠪᠣᠯᠤᠨ᠎ᠠ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢᠶᠠᠨ ᠤᠯᠠᠮ ᠨᠢᠭᠡ ᠠᠯᠬᠤᠮ ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠪᠠᠨ ᠴᠢᠩᠭᠠᠳᠬᠠᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠪᠦᠬᠦᠯᠢ ᠴᠤᠭᠴᠠ ᠶᠢᠨ ᠳᠦᠷᠢ ᠲᠥᠷᠬᠦ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ ᠬᠡᠵᠡᠢ᠃      ᠳᠠᠷᠠᠭ᠎ᠠ ᠨᠢ᠂ ᠴᠢ ᠹᠸᠢ ᠶᠦᠨ ᠦᠬᠠᠶ ᠬᠤᠲᠠ ᠶᠢᠨ ᠪᠦᠦ ᠶᠤᠸᠠᠨ ᠲᠠᠷᠢᠶᠠᠯᠠᠩ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠸᠠᠨ ᠮᠦ ᠲᠠᠨ ᠲᠣᠰᠬᠤᠨ ᠳᠤ ᠬᠦᠷᠴᠦ᠂ 30 ᠲᠦᠮᠡᠨ ᠦᠨᠳᠡᠭᠡᠯᠡᠬᠦ ᠳᠠᠬᠢᠶ᠎ᠠ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠤᠨ ᠸᠠᠨ ᠮᠦ ᠲᠠᠨ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ︽ᠬᠤᠪᠢ ᠬᠤᠷᠠᠮᠳᠤᠭᠤᠯᠬᠤ ᠳᠦᠷᠢᠮ︾ ᠤᠨ ᠵᠤᠷᠢᠭ ᠢᠶᠠᠷ ᠲᠡᠳᠭᠦᠬᠦ ᠬᠠᠶᠢᠷ᠎ᠠ ᠬᠠᠯᠠᠮᠵᠢ ᠶᠢᠨ ᠴᠢᠯᠦᠭᠡᠲᠤ ᠳᠡᠯᠭᠡᠭᠦᠷ᠂ ︽ᠲᠠᠷᠢᠶᠠᠯᠠᠩ ᠤᠨ ᠲᠠᠯᠠᠪᠠᠶ ᠶᠢᠨ ᠳᠤᠷᠠᠰᠤᠮᠵᠢ︾ ᠦᠵᠡᠭᠦᠯᠦᠯᠭᠡ ᠶᠢᠨ ᠣᠷᠳᠣᠨ ᠢ ᠪᠠᠶᠢᠴᠠᠭᠠᠨ ᠦᠵᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠬᠡᠲᠦ ᠳᠡᠯᠭᠡᠭᠦᠷ ᠤᠨ ᠠᠵᠢᠯᠯᠠᠭᠠᠨ ᠤ ᠪᠠᠶᠢᠳᠠᠯ᠂ ᠶᠠᠳᠠᠭᠤ ᠶᠢ ᠲᠡᠳᠬᠦᠬᠦ ᠠᠵᠢᠯ ᠵᠡᠷᠭᠡ ᠶᠢ ᠨᠠᠷᠢᠨ ᠬᠢᠨᠠᠮᠠᠭᠠᠶ ᠣᠶᠢᠯᠠᠭᠠᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠴᠢ ᠹᠸᠢ ᠶᠦᠨ ᠬᠡᠰᠡᠭ ᠲᠠᠩᠰᠠᠯᠠᠵᠤ ᠺᠠᠷᠲᠯᠠᠭᠰᠠᠨ ᠡᠷᠦᠬᠡ ᠶᠢ ᠰᠤᠷᠪᠤᠯᠵᠢᠯᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠭᠡᠷ ᠪᠦᠯᠢ ᠶᠢᠨ ᠣᠷᠣᠯᠭ᠎ᠠ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠡᠷᠡᠭᠦᠯ ᠮᠡᠨᠳᠦ ᠶᠢᠨ ᠡᠮᠴᠢᠯᠡᠭᠡ ᠵᠡᠷᠭᠡ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ ᠣᠶᠢᠯᠠᠭᠠᠪᠠ᠃ ᠴᠢ ᠹᠸᠢ ᠶᠦᠨ ᠴᠢᠬᠤᠯᠠᠴᠢᠯᠠᠭᠰᠠᠨ ᠨᠢ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠶᠢᠨ ᠲᠣᠭᠤᠷᠢᠨ ᠳᠤ᠂ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠬᠡᠵᠡᠢ᠃      ᠴᠢ ᠹᠸᠢ ᠶᠦᠨ ᠪᠠᠰᠠ ᠪᠠᠶᠠᠨᠲᠣᠬᠤᠶ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号