ᠬᠠᠶᠢᠷᠣᠪ ᠤᠨ ᠲᠤᠬᠤᠢ ᠲᠤᠭᠤᠷᠢᠭ ᠤᠨ ᠪᠢᠨ ᠾᠧ ᠨᠡᠶᠢᠭᠡᠮ ᠲᠣᠭᠤᠷᠢᠭ 12345 ᠲᠠᠪᠴᠠᠩ ᠤᠨ ᠬᠡᠷᠡᠭ ᠢ ︽ᠭᠤᠷᠪᠠᠨ ᠴᠠᠭ ᠲᠤᠬᠠᠶ ᠳᠤᠨᠢ︾ ᠰᠢᠢᠳᠪᠦᠷᠢᠯᠡᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2020/8/21
     12345 ᠬᠠᠯᠠᠮᠰᠢᠯ ᠤᠲᠠᠰᠤ ᠪᠣᠯ ᠣᠯᠠᠨ ᠲᠦᠮᠡᠨ ᠤ ᠵᠠᠰᠠᠭ ᠤᠨ ᠣᠷᠳᠣᠨ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠯ ᠢ ᠲᠤᠰᠬᠠᠬᠤ᠂ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠴᠢᠬᠤᠯᠠ ᠠᠷᠭ᠎ᠠ ᠵᠠᠮ ᠪᠣᠯᠤᠨ᠎ᠠ᠃ ᠰᠠᠭᠤᠭᠠᠯᠢ ᠠᠷᠠᠳ ᠤᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ ᠰᠢᠢᠳᠪᠦᠷᠢᠯᠡᠬᠦ ᠦᠭᠬᠦ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠤᠭᠤᠷᠢᠭ ᠤᠨ ᠪᠢᠨ ᠾᠧ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠴᠠᠭ ᠲᠤᠬᠠᠶ ᠳᠤᠨᠢ ᠬᠢᠨᠠᠨ ᠵᠥᠪᠰᠢᠶᠡᠷᠡᠬᠦ᠂ ᠴᠠᠭ ᠲᠤᠬᠠᠶ ᠳᠤᠨᠢ ᠰᠢᠢᠳᠪᠦᠷᠢᠯᠡᠬᠦ᠂ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠬᠤ ᠪᠠᠷ ᠭᠠᠷᠳᠠᠴᠠ ᠪᠣᠯᠭᠠᠵᠤ᠂ 12345 ᠲᠠᠪᠴᠠᠩ ᠤᠨ ᠬᠡᠷᠡᠭ ᠢ ᠰᠢᠢᠳᠪᠦᠷᠢᠯᠡᠬᠦ ᠪᠠ ᠬᠠᠷᠢᠭᠤ ᠥᠭᠬᠦ ᠠᠵᠢᠯ ᠢ ᠴᠢᠷᠮᠠᠶᠢᠨ ᠠᠬᠢᠭᠤᠯᠵᠤ᠂ ᠡᠯ᠎ᠡ ᠲᠦᠷᠦᠯ ᠤᠨ ᠬᠡᠷᠡᠭ ᠢ ᠰᠢᠢᠳᠪᠦᠷᠢᠯᠡᠬᠦ ᠨᠤᠷᠮ᠎ᠠ ᠪᠠ ᠬᠡᠷᠡᠭ ᠢ ᠳᠠᠭᠤᠰᠬᠠᠬᠤ ᠨᠤᠷᠮ᠎ᠠ ᠪᠠᠨ ᠤᠯᠠᠮ ᠨᠢᠭᠡ ᠠᠯᠬᠤᠮ  ᠳᠡᠭᠡᠭᠰᠢᠯᠡᠭᠦᠯᠪᠡ᠃       ᠨᠡᠶᠢᠭᠡᠮ ᠲᠣᠭᠤᠷᠢᠭ ᠠᠴᠠ ᠲᠤᠰᠬᠠᠶ ᠬᠥᠮᠦᠨ ᠲᠣᠮᠢᠯᠠᠨ 12345 ᠲᠠᠪᠴᠠᠩ ᠤᠨ ᠬᠡᠷᠡᠭ ᠢ ᠵᠣᠯᠭᠠᠭᠤᠯᠬᠤ ᠪᠠ ᠰᠢᠢᠳᠪᠦᠷᠢᠯᠡᠭᠰᠡᠨ ᠦᠷ᠎ᠡ ᠳ᠋ᠦᠩ ᠢ ᠮᠡᠳᠡᠭᠦᠯᠦᠨ ᠬᠦᠷᠭᠡᠬᠦ ᠶᠢ ᠬᠠᠷᠢᠭᠤᠴᠠᠭᠤᠯᠵᠤ᠂ ᠴᠠᠭ ᠲᠤᠬᠠᠶ ᠳᠤᠨᠢ ᠬᠢᠨᠠᠨ ᠵᠥᠪᠰᠢᠶᠡᠷᠡᠵᠦ᠂ ᠲᠠᠪᠴᠠᠩ ᠤᠨ ᠬᠠᠷᠢᠭᠤ ᠲᠤᠰᠬᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ᠂ ᠱᠤᠤᠭᠢᠶᠠᠨ ᠤ ᠪᠣᠬᠢᠷᠲᠤᠯ᠂ ᠵᠠᠮ ᠡᠵᠡᠯᠡᠨ ᠡᠵᠡᠩᠨᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠲᠡᠷᠡ ᠳᠠᠷᠤᠶ ᠳᠤᠨᠢ ᠰᠠᠭᠤᠭᠠᠯᠢ ᠠᠷᠠᠳ ᠲᠠᠢ ᠬᠤᠯᠪᠣᠭ᠎ᠠ ᠠᠪᠴᠤ᠂ ᠬᠤᠯᠪᠤᠭᠳᠠᠯ ᠪᠥᠬᠦᠶ ᠬᠡᠷᠡᠭ ᠤᠨ ᠪᠠᠶᠢᠳᠠᠯ ᠤᠨ ᠲᠤᠬᠠᠶ ᠨᠠᠷᠢᠨ ᠨᠢᠭᠲᠠ ᠨᠡᠪᠲᠡᠷᠡᠯᠴᠡᠵᠦ᠂ ᠬᠢᠨᠠᠨ ᠬᠠᠷᠭᠤᠭᠤᠯᠵᠤ᠂ ᠰᠠᠭᠤᠭᠠᠯᠢ ᠠᠷᠠᠳ ᠤᠨ ᠨᠠᠵᠠᠭᠠᠶ ᠰᠡᠳᠬᠢᠯᠭᠡ ᠶᠢ ᠠᠷᠢᠯᠭᠠᠪᠠ᠃ ᠬᠤᠯᠪᠣᠭᠳᠠᠯ ᠪᠦᠬᠦᠢ ᠬᠡᠷᠡᠭ ᠢ ᠬᠠᠷᠭᠤᠭᠤᠯᠤᠨ ᠲᠣᠳᠣᠯᠠᠭᠰᠠᠨ ᠤ ᠳᠠᠷᠠᠭ᠎ᠠ ᠴᠠᠭ ᠲᠤᠬᠠᠶ ᠳᠤᠨᠢ ᠰᠢᠢᠳᠪᠦᠷᠢᠯᠡᠵᠦ᠂ ᠬᠡᠷᠪᠡ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠵᠡᠷᠭᠡ ᠬᠡᠷᠡᠭ ᠲᠣᠬᠢᠶᠠᠯᠳᠤᠪᠠᠯ᠂ ᠨᠡᠶᠢᠭᠡᠮ ᠲᠣᠭᠤᠷᠢᠭ ᠤᠨ ᠠᠵᠢᠯᠲᠠᠳ ᠬᠠᠤᠯᠢ ᠪᠠᠷ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠳᠡᠳ᠋ ᠡᠷᠬᠢᠯᠡᠭᠴᠢ᠂ ᠨᠠᠮ ᠤᠨ ᠭᠡᠰᠢᠭᠦᠨ ᠤ ᠭᠤᠤᠯ ᠡᠷᠦᠬᠡ᠂ ᠲᠠᠪᠤᠨ ᠠᠬᠠᠮᠠᠳ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠷᠠᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠦᠷᠨᠢᠭᠦᠯᠪᠡ︔ ᠬᠡᠷᠪᠡ ᠵᠢᠵᠢᠭ ᠲᠣᠭᠤᠷᠢᠭ ᠤᠨ ᠲᠡᠷᠭᠡ ᠵᠣᠭᠰᠣᠭᠠᠬᠤ ᠡᠮᠬᠢ ᠳᠢᠭᠯᠢᠮ ᠠᠨᠠᠶ᠂ ᠪᠡᠯᠡᠳᠬᠡᠮᠵᠢ ᠶᠢᠨ ᠬᠠᠮᠠᠭᠠᠯᠠᠯᠲᠠ ᠬᠦᠷᠦᠯᠴᠡᠬᠦ ᠥᠬᠡᠶ ᠵᠡᠷᠭᠡ ᠬᠡᠷᠡᠭ ᠲᠣᠬᠢᠶᠠᠯᠳᠤᠪᠠᠯ᠂ ᠴᠠᠭ ᠲᠤᠬᠠᠶ ᠳᠤᠨᠢ ᠵᠣᠬᠢᠴᠠᠭᠤᠯᠤᠨ ᠰᠢᠯᠵᠢᠭᠦᠯᠦᠨ ᠰᠢᠢᠳᠪᠦᠷᠢᠯᠡᠵᠦ᠂ ᠰᠢᠮᠳᠠᠭᠤᠯᠤᠨ ᠨᠠᠶᠢᠳᠠᠪᠤᠷᠢᠵᠢᠭᠤᠯᠪᠠ︔ ᠬᠡᠷᠪᠡ ᠳᠤᠷ᠎ᠠ ᠪᠠᠷ ᠢᠶᠠᠨ ᠪᠠᠶᠢᠭᠤᠯᠤᠭᠰᠠᠨ᠂ ᠳᠦᠷᠢᠮ ᠲᠣᠭᠲᠠᠭᠠᠯ ᠠᠴᠠ ᠵᠥᠷᠢᠴᠡᠨ ᠨᠤᠷᠠᠭᠠᠭᠰᠠᠨ ᠵᠡᠷᠭᠡ ᠬᠡᠷᠡᠭ ᠲᠣᠬᠢᠶᠠᠯᠳᠤᠪᠠᠯ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠷᠢᠯᠴᠠᠵᠤ ᠴᠠᠭ ᠲᠤᠬᠠᠶ ᠳᠤᠨᠢ ᠰᠤᠳᠤᠯᠤᠨ ᠮᠠᠭᠠᠳᠯᠠᠵᠤ ᠰᠢᠢᠳᠪᠦᠷᠢᠯᠡᠪᠠ᠃ ᠨᠡᠶᠢᠭᠡᠮ ᠲᠣᠭᠤᠷᠢᠭ ᠨᠢ ᠭᠠᠷᠠᠭ ᠪᠦᠷᠢ ᠵᠡᠭᠡᠯᠢ ᠭᠤᠳᠤᠮᠵᠢ ᠯᠤᠭ᠎ᠠ ᠬᠠᠷᠢᠯᠴᠠᠵᠣ᠂ 12345 ᠲᠠᠪᠴᠠᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠤ ᠬᠡᠷᠡᠭ ᠢ ᠰᠢᠢᠳᠪᠦᠷᠢᠯᠡᠭᠰᠡᠨ ᠪᠠᠶᠢᠳᠠᠯ ᠢᠶᠠᠨ ᠰᠤᠳᠤᠯᠤᠨ ᠮᠠᠭᠠᠳᠯᠠᠬᠤ ᠶᠢᠨ ᠬᠠᠮᠲᠤ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠵᠤ᠂ ᠰᠠᠭᠤᠭᠠᠯᠢ ᠠᠷᠠᠳ ᠲᠠᠢ ᠬᠡᠷᠡᠭ ᠰᠢᠢᠳᠪᠦᠷᠢᠯᠡᠭᠰᠡᠨ ᠪᠠᠶᠢᠳᠠᠯ ᠪᠣᠯᠤᠨ ᠰᠢᠢᠳᠪᠦᠷᠢᠯᠡᠭᠰᠡᠨ ᠦᠷ᠎ᠡ ᠳ᠋ᠦᠩ ᠢ ᠮᠡᠳᠡᠭᠳᠡᠵᠦ᠂ ᠲᠤᠲᠤᠨᠤ ᠦᠢᠯᠡᠴᠢᠯᠡᠭᠡ ᠪᠠᠷ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠪᠡ᠃       ᠲᠠᠷᠠᠭᠠᠴᠢ ᠶᠢᠨ ᠠᠯᠬᠤᠮ ᠳᠤ᠂ ᠪᠢᠨ ᠾᠧ ᠨᠡᠶᠢᠭᠡᠮ ᠲᠣᠭᠤᠷᠢᠭ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ᠬᠡᠷᠡᠭ ᠰᠢᠢᠳᠪᠦᠷᠢᠯᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 12345 ᠲᠠᠪᠴᠠᠩ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠰᠠᠶᠢᠨ ᠰᠠᠶᠢᠬᠠᠨ᠂ ᠡᠶ᠎ᠡ ᠵᠣᠬᠢᠴᠠᠯ ᠲᠠᠢ᠂ ᠴᠡᠪᠡᠷ ᠰᠠᠶᠢᠬᠠᠨ ᠵᠣᠯ ᠵᠢᠷᠭᠠᠯᠲᠤ ᠨᠡᠶᠢᠭᠡᠮ ᠲᠣᠭᠤᠷᠢᠭ ᠶᠢ ᠬᠠᠮᠲᠤᠪᠠᠷ ᠴᠣᠭᠴᠠᠯᠠᠨ ᠪᠠᠶᠢᠭᠤᠯᠬᠤ ᠪᠤᠯᠤᠨ᠎ᠠ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号