ᠪᠦᠬᠦ ᠬᠤᠲᠠ ᠶᠢᠨ ᠪᠡᠯᠡ ᠣᠷᠣᠭᠤᠯᠤᠯᠲᠠ ᠶᠢ ᠲᠤᠭᠳᠠᠪᠤᠷᠢᠵᠢᠭᠤᠯᠬᠤ ᠵᠢᠴᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠣᠬᠢᠷᠠᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/8/21
     8 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠬᠤᠲᠠ ᠶᠢᠨ ᠪᠡᠯᠡ ᠣᠷᠣᠭᠤᠯᠤᠯᠲᠠ ᠶᠢ ᠲᠤᠭᠳᠠᠪᠤᠷᠢᠵᠢᠭᠤᠯᠬᠤ ᠵᠢᠴᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠣᠬᠢᠷᠠᠭᠤᠯᠬᠤ ᠬᠤᠷᠠᠯ ᠬᠤᠷᠠᠯᠳᠤᠵᠤ᠂ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠶᠢᠷ᠎ᠠ ᠶᠢᠨ ᠬᠤᠭᠤᠴᠠᠭᠠᠨ ᠤ ᠪᠡᠯᠡ ᠣᠷᠣᠭᠤᠯᠣᠯᠳᠠ ᠪᠠ ᠲᠥᠷᠥᠯ ᠵᠦᠢᠯ ᠤᠨ ᠠᠵᠢᠯ ᠵᠢᠴᠢ ᠢᠷᠡᠬᠦ ᠵᠢᠯ ᠤᠨ ᠠᠵᠢᠯ ᠤᠨ ᠲᠥᠯᠥᠪᠯᠡᠭᠡ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠳᠠ ᠶᠢᠨ ᠳᠠᠷᠤᠭ᠎ᠠ ᠸᠠᠩ ᠵᠤᠤ ᠱᠧᠩ᠂ ᠳᠡᠳ᠋ ᠬᠤᠳᠠ ᠶᠢᠨ ᠳᠠᠷᠤᠭ᠎ᠠ ᠯᠢ ᠴᠦᠨ ᠰᠢᠶᠤᠤ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠢ ᠪᠣᠳᠠᠲᠠᠶ ᠠᠳᠬᠤᠵᠤ᠂ ᠪᠠᠯᠠ ᠣᠷᠣᠭᠤᠯᠤᠯᠲᠠ ᠶᠢ ᠲᠤᠭᠲᠠᠪᠤᠷᠢᠵᠢᠭᠤᠯᠬᠤ ᠪᠣᠯ ᠨᠡᠮᠡᠭᠳᠡᠯ ᠢ ᠲᠣᠭᠲᠠᠪᠤᠷᠢᠵᠢᠭᠤᠯᠬᠤ ᠶᠢᠨ ᠰᠠᠭᠤᠷᠢ ᠮᠥᠨ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠤᠯᠭᠠᠨ ᠠᠳᠬᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠠᠨ ᠪᠡᠯᠡ ᠣᠷᠣᠭᠤᠯᠤᠯᠲᠠ ᠶᠢᠨ ᠨᠡᠮᠡᠭᠳᠡᠯ ᠢ ᠲᠣᠭᠲᠠᠪᠤᠷᠢᠵᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠥᠷᠭᠡᠳᠬᠡᠵᠦ᠂ ᠰᠠᠭᠠᠲᠠᠭᠰᠠᠨ ᠴᠠᠭ ᠪᠠ ᠬᠤᠬᠢᠷᠠᠯ ᠢᠶᠠᠨ ᠨᠥᠬᠦᠪᠥᠷᠢᠯᠡᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠦᠴᠦᠳᠡᠢ ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠶ ᠡᠵᠡᠮᠰᠢᠵᠦ᠂ ᠲᠥᠷᠥᠯ ᠵᠦᠢᠯ ᠤᠨ ᠪᠠᠯᠠ ᠣᠷᠣᠭᠤᠯᠤᠯᠲᠠ ᠪᠠᠭᠤᠷᠠᠭᠰᠠᠨ ᠰᠢᠯᠲᠠᠭᠠᠨ ᠢ ᠭᠦᠨᠵᠡᠭᠡᠶ ᠵᠠᠳᠠᠯᠵᠤ᠂ ᠲᠥᠷᠥᠯ ᠵᠦᠢᠯ ᠤᠨ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢ ᠡᠮᠬᠢᠯᠡᠨ ᠰᠣᠳᠣᠯᠣᠨ ᠮᠠᠭᠠᠳᠯᠠᠵᠤ᠂ ᠪᠠᠭᠤᠷᠠᠬᠤ ᠬᠠᠨᠳᠤᠰᠢ ᠶᠢ ᠪᠥᠬᠦ ᠬᠦᠴᠦᠨ ᠢᠶᠠᠷ ᠬᠤᠪᠢᠷᠠᠭᠤᠯᠬᠤ ᠬᠡᠷᠡᠭᠳᠡᠢ᠃ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠲᠡᠭᠡᠲᠤ ᠱᠠᠲᠤᠨ ᠤ ᠲᠥᠷᠥ ᠶᠢᠨ ᠪᠤᠲᠤᠯᠭ᠎ᠠ ᠶᠢ ᠭᠦᠢᠴᠡᠳ‌ᠣᠶᠢᠯᠠᠭᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠤᠨ ᠪᠡᠯᠡ ᠣᠷᠣᠭᠤᠯᠤᠯᠲᠠ ᠶᠢᠨ ᠴᠢᠭᠯᠡᠯ ᠢ ᠪᠠᠲᠤ ᠡᠵᠡᠮᠳᠡᠵᠦ᠂ ᠠᠵᠤ ᠦᠢᠯᠡᠰ ᠤᠨ ᠳᠡᠰ ᠳᠡᠪᠰᠢᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ︽ᠬᠤᠶᠠᠷ ᠰᠢᠨ᠎ᠡ ᠨᠢᠭᠡ ᠭᠤᠤᠯᠳᠠᠯᠭ᠎ᠠ︾ ᠵᠡᠷᠭᠡ ᠬᠦᠷᠢᠶ᠎ᠡ ᠴᠠᠷᠠᠭᠠᠨ ᠤ ᠲᠤᠭᠤᠷᠢᠨ ᠳᠤ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠴᠢᠩᠭᠠᠳᠬᠠᠬᠤ᠂ ᠰᠡᠯᠭᠦᠬᠦ ᠬᠦᠴᠦᠨ ᠢ ᠨᠡᠮᠡᠭᠳᠡᠬᠦᠯᠬᠦ ᠴᠢᠬᠤᠯᠠ ᠶᠡᠭᠡ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠵᠦ᠂ ᠲᠥᠷᠥᠯ ᠵᠦᠢᠯ ᠤᠨ ᠨᠥᠭᠡᠴᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ ᠠᠭᠢᠭᠤᠯᠬᠤ ᠬᠡᠷᠡᠭᠳᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠳᠤᠲᠠᠭᠳᠠᠵᠤ ᠪᠠᠶᠢᠭ᠎ᠠ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠵᠤ ᠢᠷᠡᠬᠦ ᠪᠠ ᠬᠡᠷᠡᠭᠵᠢᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠳᠡᠢ᠃ ᠡᠯ᠎ᠡ ᠲᠥᠷᠥᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠲᠣᠬᠢᠷᠠᠭᠤᠯᠬᠤ ᠡᠷᠴᠢᠮ ᠢᠶᠠᠨ ᠴᠢᠩᠭᠠᠳᠬᠠᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠬᠦᠨ ᠪᠠᠶᠢᠯᠳᠤᠭᠠᠨ ᠬᠢᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠤᠨ ᠳᠠᠷᠠᠭᠠᠯᠠᠯ ᠢ ᠪᠦᠬᠦ ᠲᠠᠯ᠎ᠠ ᠪᠠᠷ ᠲᠦᠷᠭᠡᠳᠭᠡᠬᠦ ᠬᠡᠷᠡᠭᠳᠡᠢ᠃ ᠮᠥᠷᠳᠡᠨ ᠵᠣᠬᠢᠴᠠᠭᠤᠯᠬᠤ ᠲᠣᠭᠲᠠᠴᠠ ᠪᠠᠨ ᠪᠦᠬᠦ ᠬᠦᠴᠦᠨ ᠢᠶᠠᠷ ᠴᠢᠩᠭᠠᠳᠬᠠᠵᠤ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠪᠠᠨ ᠪᠠᠲᠤᠳᠬᠠᠵᠤ᠂ ᠨᠠᠷᠢᠯᠢᠭ ᠣᠨᠣᠴᠠᠲᠠᠶ ᠦᠢᠯᠡᠴᠢᠯᠡᠭᠡ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠡᠯ᠎ᠡ ᠲᠠᠯ᠎ᠠ ᠶᠢᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠳᠡᠢ᠃ ︽ᠴᠢᠳᠠᠯ ᠤᠨ ᠢᠶᠠᠨ ᠬᠢᠷᠢ ᠪᠠᠷ ᠬᠢᠬᠦ︾ ᠶᠢ ᠪᠠᠷᠢᠮᠲᠠᠯᠠᠬᠤ ᠤᠷᠢᠲᠠᠯ ᠲᠤᠤᠷ᠎ᠠ᠂ 2021 ᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠷᠢᠨ ᠬᠢᠨᠠᠮᠠᠭᠠᠢ ᠲᠥᠯᠥᠪᠯᠡᠵᠦ᠂ ᠡᠳ᠋ ᠤᠨ ᠵᠠᠰᠠᠭ ᠤᠨ ᠲᠥᠰᠦᠪ ᠢ ᠨᠠᠷᠢᠨ ᠨᠢᠮᠪᠠᠶ ᠲᠥᠯᠥᠪᠯᠡᠨ ᠲᠣᠬᠢᠷᠠᠭᠤᠯᠵᠤ᠂ ᠠᠯᠢ ᠲᠦᠷᠭᠡᠨ ᠢᠶᠠᠷ ᠪᠣᠳᠠᠲᠠᠶ ᠲᠦᠰᠦᠯ ᠭᠠᠷᠭᠠᠵᠤ᠂ ᠢᠷᠡᠬᠦ ᠵᠢᠯ ᠤᠨ ᠠᠵᠢᠯ ᠢᠶᠠᠨ ᠤᠷᠤᠭᠰᠢᠲᠠᠶ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号