ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠵᠢᠴᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/8/21
     8 ᠰᠠᠷ᠎ᠠ ᠶᠢᠨ 20 ᠤ ᠡᠳᠦᠷ᠂  ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠵᠢᠴᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠲᠠ ᠳᠤ ᠥᠷᠨᠢᠭᠦᠯᠦᠭᠰᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠ ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠰᠠᠶᠢᠲᠤᠷ ᠬᠢᠬᠦ ᠲᠣᠭᠤᠷᠢᠨ ᠳᠤ᠂ ᠭᠦᠨᠵᠡᠭᠡᠶ ᠵᠠᠳᠠᠯᠤᠨ ᠪᠠᠶᠢᠴᠠᠭᠠᠵᠤ᠂ ᠴᠢᠷᠮᠠᠶᠢᠬᠤ ᠴᠢᠭᠯᠡᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠪᠠ᠃      ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠬᠤᠯᠪᠤᠭᠳᠠᠯ ᠪᠥᠬᠦᠶ ᠨᠥᠬᠦᠳ ᠬᠤᠷᠠᠯ ᠳᠤ ᠣᠷᠣᠯᠴᠠᠨ ᠵᠢᠯᠣᠭᠤᠳᠤᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠨᠠᠷᠢᠨ ᠨᠢᠮᠪᠠᠢ ᠵᠢᠯᠤᠭᠤᠲᠤᠯᠭ᠎ᠠ ᠪᠠ ᠬᠠᠪᠰᠤᠷᠤᠯᠭ᠎ᠠ ᠳᠣᠣᠷ᠎ᠠ᠂ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ ᠤᠷᠢᠳ ᠬᠤᠵᠢᠳ 2 ᠤᠳᠠᠭ᠎ᠠ ᠬᠤᠷᠠᠯᠳᠤᠭᠤᠯᠵᠤ᠂ ᠬᠤᠷᠠᠯ ᠤᠨ ᠲᠦᠰᠦᠯ ᠢ ᠰᠣᠳᠣᠯᠵᠣ᠂ ᠬᠤᠷᠠᠯ ᠤᠨ ᠪᠡᠯᠡᠳᠬᠡᠯ ᠪᠠᠶᠢᠳᠠᠯ ᠢ ᠰᠣᠨᠣᠰᠴᠤ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠶᠠᠷᠢᠯᠴᠠᠵᠤ᠂ ᠲᠤᠰᠬᠠᠶ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠨᠠᠷᠢᠨ ᠨᠢᠮᠪᠠᠶ ᠲᠤᠭᠤᠷᠪᠢᠨ ᠪᠢᠴᠢᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠶ ᠰᠠᠶᠢᠲᠤᠷ ᠬᠤᠷᠠᠯᠳᠤᠭᠤᠯᠬᠤ ᠳᠤ ᠬᠦᠢᠴᠡᠳ ᠪᠡᠯᠡᠳᠬᠡᠯ ᠬᠢᠵᠡᠶ᠃      ᠬᠤᠷᠠᠯ ᠳᠡᠭᠡᠷ᠎ᠡ᠂ ᠱᠢ ᠸᠠᠨ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠪᠣᠯᠤᠨ ᠪᠤᠰᠤᠳ ᠪᠠᠶᠢᠩᠭᠤ ᠶᠢᠨ ᠬᠡᠰᠢᠬᠦᠳ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠪᠡ᠃ ᠣᠯᠠᠨ ᠢᠶᠠᠷ ᠢᠶᠠᠨ ᠭᠤᠣᠯ ᠰᠡᠳᠦᠪ ᠲᠠᠢ ᠨᠢᠭᠲᠠ ᠠᠪᠴᠠᠯᠳᠣᠭᠤᠯᠣᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷ ᠢ ᠪᠠᠨ ᠪᠠᠶᠢᠴᠠᠭᠠᠨ ᠳᠡᠯᠭᠡᠬᠦ᠂ ᠡᠭᠦᠷᠭᠡ ᠬᠠᠷᠢᠭᠤᠴᠠᠯᠭ᠎ᠠ ᠪᠠᠨ ᠪᠠᠶᠢᠴᠠᠭᠠᠨ ᠳᠡᠯᠭᠡᠬᠦ᠂ ᠠᠵᠢᠯ ᠢᠶᠠᠨ ᠪᠠᠶᠢᠴᠠᠭᠠᠨ ᠳᠡᠯᠭᠡᠬᠦ ᠶᠢ ᠪᠠᠷᠢᠮᠳᠠᠯᠠᠨ᠂ ᠭᠦᠨᠵᠡᠭᠡᠶ ᠪᠠᠶᠢᠴᠠᠭᠠᠨ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠬᠥᠮᠦᠨ ᠪᠠ ᠤᠴᠢᠷ ᠶᠠᠪᠤᠳᠠᠯ ᠳᠤ ᠴᠢᠭᠯᠡᠬᠦᠯᠦᠨ᠂ ᠴᠡᠭᠴᠡᠯᠡᠨ ᠰᠠᠶᠢᠵᠢᠷᠠᠭᠤᠯᠬᠤ ᠣᠪᠣᠷ ᠢᠶᠠᠨ ᠲᠣᠳᠣᠷᠬᠠᠶ ᠪᠣᠯᠭᠠᠵᠤ᠂ ᠨᠢᠭᠤᠷ ᠢᠶᠠᠨ ᠤᠯᠠᠶᠢᠯᠭᠠᠨ ᠬᠥᠯᠥᠰᠥ ᠭᠠᠷᠭᠠᠵᠤ᠂ ᠦᠵᠡᠯ ᠰᠠᠨᠠᠭ᠎ᠠ ᠪᠠᠨ ᠬᠦᠨᠳᠡᠭᠰᠡᠨ ᠮᠦᠷᠳᠡᠭᠡᠨ ᠪᠠᠰᠠ ᠪᠦᠯᠬᠦᠮᠳᠡᠯ ᠢᠶᠠᠨ ᠨᠡᠮᠡᠭᠳᠡᠭᠦᠯᠵᠦ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠴᠦ᠂ ᠵᠢᠱᠢᠭᠰᠡᠨ ᠦᠷ᠎ᠡ ᠪᠦᠲᠦᠮᠵᠢ ᠤᠯᠪᠠ᠃      ᠱᠢ ᠸᠠᠨ ᠵᠢᠶᠦ᠋ᠨ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠴᠡᠭᠴᠡᠯᠡᠨ ᠵᠠᠰᠠᠬᠤ᠂ ᠲᠤᠰᠬᠠᠶ ᠵᠦᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠪᠡᠶᠡᠯᠡᠭᠦᠯᠬᠦ ᠬᠡᠷᠡᠭᠳᠡᠢ᠃ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯ ᠤᠨ ᠬᠠᠭᠠᠰ ᠠᠵᠢᠯ︾ ᠢᠶᠠᠨ ᠲᠥᠪ ᠴᠢᠩᠭ᠎ᠠ ᠬᠢᠨᠠᠮᠠᠭᠠᠶ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠵᠤ ᠪᠠᠶᠢᠴᠠᠭᠠᠨ ᠳᠡᠯᠭᠡᠬᠦ ᠠᠰᠠᠭᠤᠳᠠᠯ ᠢᠶᠠᠨ ᠴᠢᠬᠤᠯᠠ ᠪᠠᠶᠢᠷᠢᠨ ᠳᠤ ᠲᠠᠯᠪᠢᠵᠤ᠂ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠵᠤ᠂ ᠴᠢᠩᠭ᠎ᠠ ᠪᠣᠳᠠᠲᠠᠢ ᠪᠥᠭᠡᠳ ᠪᠦᠬᠦ ᠰᠡᠳᠬᠢᠯ ᠪᠦᠬᠦ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠡᠢ᠃ ᠲᠣᠳᠣᠷᠬᠠᠶ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠩᠭᠢᠯᠠᠭ᠎ᠠ ᠶᠢᠨ ᠴᠥᠭᠡᠨ ᠲᠣᠭᠠᠲᠠᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠡᠭᠡᠲᠤ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ ᠂ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠵᠤ᠂ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ  ᠤᠨ ᠨᠢᠭᠲᠠᠷᠬᠠᠰᠠᠨ ᠬᠠᠮᠲᠤ ᠶᠢᠨ ᠲᠠᠨᠢᠯᠲᠠ᠂ ᠪᠦᠷᠢᠯᠳᠦᠭᠰᠡᠨ ᠦᠷ᠎ᠡ ᠪᠦᠲᠦᠭᠡᠯ ᠢᠶᠠᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠬᠦ ᠪᠣᠳᠠᠲᠠᠶ ᠦᠷ᠎ᠡ ᠪᠦᠲᠦᠮᠵᠢ ᠪᠠᠷ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠪᠥᠬᠦ ᠬᠤᠲᠠ ᠶᠢᠨ ᠠᠷᠠᠳ ᠲᠦᠮᠡᠨ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ ᠬᠡᠵᠡᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠡᠣ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠰᠤᠯᠠ ᠣᠷᠣᠯᠴᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号