ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢᠷᠭᠡᠨ ᠤ ᠬᠠᠤᠯᠢ ᠶᠢᠨ ᠪᠢᠴᠢᠭ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/8/24
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ︾ ᠶᠢ ᠰᠤᠷᠤᠯᠴᠠᠨ ᠤᠬᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠬᠠᠤᠯᠢ ᠶᠢ ᠰᠤᠷᠤᠯᠴᠠᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠵᠤ᠂ ᠣᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢᠷᠭᠡᠨ ᠤ ᠬᠠᠤᠯᠢ ᠪᠢᠴᠢᠭ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠲᠤᠤᠷᠠᠬᠢ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃      ᠰᠦᠯᠵᠢᠶᠡᠨ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠬᠠᠤᠯᠢ ᠲᠦᠭᠡᠮᠡᠯᠵᠢᠭᠦᠯᠬᠦ︾ ᠸᠢᠴᠠᠲ ᠤᠨ ᠣᠯᠠᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ ᠢᠷᠭᠡᠨ ᠤ ᠬᠠᠤᠯᠢ ᠪᠢᠴᠢᠭ ᠤᠨ ᠲᠤᠰᠬᠠᠢ ᠰᠡᠳᠦᠪᠲᠦ ᠲᠠᠶᠢᠯᠤᠮᠵᠢ ᠶᠢ ᠦᠵᠡᠬᠦ ᠶᠢᠨ ᠬᠠᠮᠲᠤ ᠰᠦᠯᠵᠢᠶᠡᠨ ᠳᠡᠭᠡᠷᠡᠬᠢ ᠢᠷᠭᠡᠨ ᠤ ᠬᠠᠤᠯᠢ ᠪᠢᠴᠢᠭ ᠤᠨ ᠥᠷᠢᠰᠥᠯᠳᠦᠭᠡᠨ ᠳᠤ ᠣᠷᠣᠯᠴᠠᠵᠤ᠂ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠠᠰᠢᠭᠯᠠᠨ ᠢᠷᠭᠡᠨ ᠤ ᠬᠠᠤᠯᠢ ᠶᠢᠨ ᠪᠢᠴᠢᠭ ᠤᠨ ᠰᠢᠷᠢᠰ ᠲᠤᠰᠬᠠᠶ ᠰᠡᠳᠦᠪ ᠢ ᠡᠷᠭᠦᠨ ᠬᠦᠷᠭᠡᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ ᠶᠢ ᠬᠥᠲᠥᠯᠥᠨ ᠵᠢᠯᠣᠭᠤᠳᠴᠤ᠂ ᠬᠠᠤᠯᠢ ᠪᠠᠷ ᠵᠠᠰᠠᠬᠤ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃      ᠰᠦᠯᠵᠢᠶᠡᠨ ᠲᠤᠤᠷ᠎ᠠ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠤᠬᠠᠭᠤᠯᠭ᠎ᠠ ᠶᠢᠨ ᠪᠤᠯᠤᠩ᠂ ᠡᠯᠧᠺᠲᠷᠣᠨ ᠳᠡᠯᠭᠡᠴᠡ ᠵᠡᠷᠭᠡ ᠶᠢ ᠠᠰᠢᠭᠯᠠᠨ ᠢᠷᠭᠡᠨ ᠤ ᠬᠠᠤᠯᠢ ᠶᠢᠨ ᠪᠢᠴᠢᠭ ᠤᠨ ᠴᠢᠬᠤᠯᠠ ᠶᠡᠭᠡ ᠠᠴᠢ ᠬᠤᠯᠪᠣᠭᠳᠠᠯ᠂ ᠣᠨᠴᠠᠯᠢᠭᠲᠤ ᠭᠢᠯᠠᠰ ᠴᠡᠭ ᠪᠠ ᠴᠢᠬᠤᠯᠠ ᠵᠦᠢᠯ ᠵᠤᠷᠪᠤᠰ ᠤᠨ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠢᠷᠭᠡᠨ ᠤ ᠬᠠᠤᠯᠢ ᠶᠢᠨ ᠪᠢᠴᠢᠭ ᠤᠨ ᠲᠥᠪᠯᠡᠷᠡᠩᠭᠦᠶ ᠮᠠᠶ᠋ᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠠᠬᠢᠭᠤᠯᠵᠤ᠂ ᠤᠯᠠᠨ ᠲᠦᠮᠡᠨ ᠤ ᠮᠡᠳᠡᠬᠦ ᠨᠤᠷᠮ᠎ᠠ᠂ ᠣᠷᠣᠯᠴᠠᠬᠤ ᠨᠤᠷᠮ᠎ᠠ ᠪᠠ ᠲᠦᠭᠡᠮᠡᠯᠵᠢᠭᠦᠯᠬᠦ ᠨᠤᠷᠮ᠎ᠠ ᠪᠠᠨ ᠳᠡᠭᠡᠭᠰᠢᠯᠡᠭᠦᠯᠵᠦ᠂ ᠢᠷᠭᠡᠨ ᠤ ᠬᠠᠤᠯᠢ ᠶᠢᠨ ᠪᠢᠴᠢᠭ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号