ᠦᠬᠠᠶ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠮᠡᠷᠭᠡᠵᠢᠯ ᠤᠨ ᠦᠨᠡᠯᠡᠨ ᠵᠢᠱᠢᠯᠲᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 23 ᠤ ᠡᠳᠦᠷ᠂ ᠲᠢᠶᠠᠨᠵᠢᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠬᠤᠤ ᠶᠢᠨ ᠳᠠᠭᠠᠭᠤᠯᠤᠭᠰᠠᠨ ᠤᠯᠤᠰ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠨᠡᠯᠡᠨ ᠵᠢᠱᠢᠬᠦ ᠳᠤᠭᠤᠶᠢᠯᠠᠩ ᠮᠠᠨ ᠤ ᠬᠤᠲᠠ ᠳᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠮᠡᠷᠭᠡᠵᠢᠯ ᠤᠨ ᠦᠨᠡᠯᠡᠨ ᠵᠢᠱᠢᠯᠲᠡ ᠶᠢᠨ ᠠᠵᠢᠯ ᠢ ᠥᠷᠨᠢᠭᠦᠯᠬᠦ ᠶᠢᠨ ᠬᠠᠮᠲᠤ ᠦᠬᠠᠶ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠮᠡᠷᠭᠡᠵᠢᠯ ᠤᠨ ᠦᠨᠡᠯᠡᠨ ᠵᠢᠱᠢᠯᠲᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠲᠤᠭᠤᠷᠢᠨ ᠪᠠᠶᠢᠴᠠᠭᠠᠭᠴᠢ ᠹᠦ᠋ ᠿᠦᠢ ᠹᠧᠩ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠤᠷᠠᠯ ᠳᠤ ᠣᠷᠣᠯᠴᠠᠭᠰᠠᠨ ᠪᠥᠭᠡᠳ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠦ᠋ ᠬᠤᠷᠠᠯ ᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠬᠤ᠋ ᠱᠠᠨ ᠱᠦᠨ᠂ ᠵᠢᠶᠠ ᠴᠢᠩ ᠳ᠋ᠦᠩ᠂ ᠯᠢᠶᠠᠩ ᠱᠤ᠋ ᠫᠢᠩ᠂ ᠯᠢᠦ ᠰᠣ᠋ ᠬᠤᠩ᠂ ᠮᠢᠩ ᠶᠢᠦ᠂ ᠦ᠋ ᠶᠧ ᠸᠧᠨ᠂ ᠰᠦᠨ ᠬᠤᠤ᠂ ᠯᠢ ᠴᠦᠨ ᠰᠢᠶᠤᠤ᠂ ᠹᠦ᠋ ᠲᠢᠩ ᠯᠢᠨ ᠬᠤᠷᠠᠯ ᠳᠤ ᠣᠷᠣᠯᠴᠠᠵᠠᠶ᠃      ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠮᠠᠨ ᠤ ᠬᠤᠲᠠ ᠶᠢᠨ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ ᠬᠠᠷᠢᠭᠤ ᠮᠡᠳᠡᠭᠦᠯᠦᠯᠲᠡ ᠶᠢᠨ ᠹᠢᠯᠢᠮ ᠢ ᠦᠵᠡᠵᠦ᠂ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠦᠨᠡᠯᠡᠨ ᠵᠢᠱᠢᠬᠦ ᠳᠤᠭᠤᠶᠢᠯᠠᠩ ᠮᠠᠨ ᠤ ᠬᠤᠲᠠ ᠶᠢᠨ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠬᠦᠢᠴᠡᠳ ᠨᠤᠲᠠᠯᠠᠪᠠ᠃      ᠦᠨᠡᠯᠡᠨ ᠵᠢᠱᠢᠬᠦ ᠳᠤᠭᠤᠶᠢᠯᠠᠩ ᠤᠨ ᠦᠵᠡᠬᠦ ᠬᠡᠷ᠂ ᠣᠶᠢᠷ᠎ᠠ ᠶᠢᠨ ᠵᠢᠯ ᠤᠨ ᠲᠤᠷᠰᠢ᠂ ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠡᠷᠡᠭᠦᠯ ᠬᠠᠮᠠᠭᠠᠯᠠᠯ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ ᠶᠢᠨ ᠴᠢᠬᠤᠯᠠ ᠠᠴᠢᠶᠠᠯᠠᠪᠤᠷᠢ ᠪᠣᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠬᠦᠴᠦᠲᠡᠶ ᠭᠠᠷᠳᠠᠴᠠ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠶ ᠠᠬᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠣᠯᠤᠨ ᠥᠷᠭᠡᠨ ᠣᠯᠠᠨ ᠲᠦᠮᠡᠨ ᠤ ᠢᠳᠡᠪᠬᠢᠲᠡᠶ ᠣᠷᠣᠯᠴᠠᠬᠤ ᠪᠠᠷ ᠳᠠᠮᠵᠢᠨ᠂ ᠬᠤᠲᠠ ᠶᠢᠨ ᠰᠠᠭᠤᠷᠢ ᠲᠥᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠵᠦ᠂ ᠡᠷᠡᠭᠦᠯ ᠬᠠᠮᠠᠭᠠᠯᠠᠯ ᠤᠨ ᠬᠠᠮᠢᠶᠠᠷᠣᠯᠳᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠪᠣᠯᠤᠨ ᠬᠤᠲᠠ ᠶᠢᠨ ᠠᠷᠠᠳ ᠤᠨ ᠪᠤᠯᠪᠠᠰᠣᠨ ᠡᠷᠡᠭᠦᠯ ᠬᠠᠮᠠᠭᠠᠯᠠᠯ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ ᠬᠡᠵᠡᠢ᠃      ᠦᠨᠡᠯᠡᠨ ᠵᠢᠱᠢᠬᠦ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠦᠬᠠᠶ ᠬᠤᠲᠠ ᠶᠢᠨ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ ᠠᠵᠢᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠯᠠᠨ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠬᠤ ᠶᠢ ᠢᠮᠠᠭᠲᠠ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠪᠠᠷ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ᠂ ᠠᠷᠠᠳ ᠤᠨ ᠲᠥᠯᠥᠭᠡ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ᠂ ᠦᠷᠭᠦᠯᠵᠢᠯᠡᠨ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠬᠤ ᠶᠢ ᠪᠠᠷᠢᠮᠳᠠᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠬᠤ ᠬᠡᠷᠡᠭᠲᠡᠶ᠃ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠮᠡᠷᠭᠡᠵᠢᠯ ᠤᠨ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠣᠰ ᠤᠨ ᠡᠷᠡᠭᠦᠯ ᠬᠠᠮᠠᠭᠠᠯᠠᠯ ᠬᠤᠳᠠ ᠶᠢ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠨᠡᠨ ᠪᠤᠳᠠᠳᠠᠢ ᠪᠠᠷ ᠳᠡᠯᠭᠡᠨ ᠦᠵᠡᠭᠦᠯᠬᠦ ᠬᠡᠷᠡᠭᠳᠡᠢ᠃ ᠦᠨᠡᠯᠡᠨ ᠵᠢᠱᠢᠬᠦ ᠳᠤᠭᠤᠶᠢᠯᠠᠩ ᠤᠨ ᠪᠦᠷᠢᠯᠳᠦᠬᠦᠨ ᠨᠡᠷ ᠡᠯ᠎ᠡ ᠵᠦᠢᠯ ᠤᠨ ᠰᠠᠬᠢᠯᠭ᠎ᠠ ᠪᠠᠲᠤ ᠶᠢ ᠬᠢᠨᠠᠮᠠᠭᠠᠶ ᠰᠠᠬᠢᠵᠦ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠠᠶᠢᠴᠠᠭᠠᠭᠰᠠᠨ ᠣᠷᠣᠨ ᠪᠦᠰᠡ ᠳᠡᠭᠡᠨ ᠦᠨᠡᠨ ᠠᠴᠠ ᠵᠥᠪ ᠢ ᠡᠷᠢᠨ᠂ ᠪᠤᠰᠤᠳᠴᠢ ᠪᠥᠭᠡᠳ ᠭᠤᠤᠯᠴᠢ ᠪᠠᠷ ᠰᠢᠨᠵᠢᠯᠡᠬᠦ ᠤᠬᠠᠭᠠᠨᠴᠢ ᠦᠨᠡᠯᠡᠯᠲᠡ ᠬᠢᠬᠦ ᠬᠡᠷᠡᠭᠲᠡᠶ ᠬᠡᠵᠡᠢ᠃      ᠳᠠᠩ ᠢ ᠢᠯᠡᠷᠬᠡᠶᠢᠯᠡᠭᠰᠡᠨ ᠨᠢ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠪᠣᠯ ᠨᠢᠭᠡᠨ ᠤᠷᠲᠤ ᠬᠤᠭᠤᠴᠠᠭᠠᠨ ᠤ ᠬᠠᠲᠠᠭᠤ ᠪᠡᠷᠭᠡ ᠡᠭᠦᠷᠭᠡ ᠪᠣᠯᠤᠨ᠎ᠠ᠂ ᠡᠬᠢᠯᠡᠯᠲᠡ ᠪᠠᠶᠢᠬᠤ ᠠᠴᠠ ᠪᠢᠰᠢ ᠲᠡᠭᠦᠰᠭᠡᠯ ᠥᠬᠡᠶ᠂ ᠮᠠᠨ ᠤ ᠬᠤᠲᠠ ᠦᠷᠭᠦᠯᠵᠢᠯᠡᠨ ︽ᠬᠤᠲᠠ ᠶᠢ ᠴᠤᠭᠴᠠᠯᠠᠬᠤ ᠨᠢ ᠠᠷᠠᠳ ᠤᠨ ᠲᠥᠯᠥᠭᠡ᠂ ᠠᠷᠠᠳ ᠤᠨ ᠲᠥᠯᠥᠭᠡ ᠬᠤᠲᠠ ᠶᠢ ᠴᠤᠭᠴᠠᠯᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠪᠠ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠵᠢᠯᠣᠭᠤᠳᠤᠯᠭ᠎ᠠ ᠳᠣᠣᠷ᠎ᠠ᠂ ᠡᠨᠡ ᠤᠳᠠᠭᠠᠨ ᠤ ᠦᠨᠡᠯᠡᠨ ᠵᠢᠱᠢᠬᠦ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠤᠨ ᠨᠠᠷᠢᠨ ᠳᠠᠩᠰᠠ ᠪᠠᠨ ᠨᠠᠷᠢᠨ ᠬᠢᠨᠠᠮᠠᠭᠠᠶ ᠡᠮᠬᠢᠯᠡᠵᠦ᠂ ᠠᠰᠠᠭᠤᠳᠠᠯ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠬᠦᠴᠦ ᠣᠷᠣᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠭᠠᠷᠭᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠬᠠᠷᠠᠯᠲᠠ ᠪᠠᠨ ᠡᠷᠲᠡᠬᠡᠨ ᠪᠡᠶᠡᠯᠡᠭᠦᠯᠬᠦ ᠪᠠᠷ ᠴᠢᠷᠮᠠᠶᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ ᠬᠡᠵᠡᠢ᠃      ᠣᠶᠢᠯᠠᠭᠠᠭᠰᠠᠨ ᠢᠶᠠᠷ᠂ 8 ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠦᠨᠡᠯᠡᠨ ᠵᠢᠱᠢᠬᠦ ᠳᠤᠭᠤᠶᠢᠯᠠᠩ ᠤᠨ ᠬᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠬᠦᠢᠴᠡᠳᠬᠡᠯ ᠲᠤᠭᠠᠨ ᠤ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠷᠠᠳ ᠤᠨ ᠰᠠᠨᠠᠯ ᠢ ᠬᠤᠷᠢᠶᠠᠬᠤ ᠵᠡᠷᠭᠡ ᠬᠡᠯᠪᠡᠷᠢ ᠪᠠᠷ ᠳᠠᠮᠵᠢᠨ ᠮᠠᠨ ᠤ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠳᠤ ᠮᠡᠷᠭᠡᠵᠢᠯ ᠤᠨ ᠦᠨᠡᠯᠡᠯᠲᠡ ᠬᠢᠬᠦ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号