ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠬᠤᠩ ᡁᠢ ᠬᠠᠶᠢᠨᠠᠨ ᠲᠣᠭᠤᠷᠢᠭ᠂ ᠬᠠᠶᠢᠷᠤᠪ ᠤᠨ ᠲᠣᠬᠤᠢ ᠲᠣᠭᠤᠷᠢᠭ ᠲᠤ ᠬᠦᠨᠵᠡᠭᠡᠶᠢᠷᠡᠨ᠂ ᠬᠤᠯᠤᠭᠠᠨ᠎ᠠ ᠶᠢᠨ ᠬᠢᠵᠢᠭ ᠵᠢᠴᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠳᠡᠳ᠋ ᠳᠠᠷᠤᠭ᠎ᠠ ᠡᠤ ᠶᠧ ᠸᠧᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠰᠢᠤᠢ ᠬᠤᠩ ᡁᠢ ᠤᠷᠢᠳ ᠬᠤᠵᠢᠳ ᠬᠠᠶᠢᠨᠠᠨ ᠲᠣᠭᠤᠷᠢᠭ ᠤᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠪᠠᠶᠠᠨᠲᠣᠬᠤᠶ ᠪᠠᠯᠭᠠᠰᠤᠨ ᠤ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠭᠠᠵᠠᠷ ᠯᠤᠪᠠᠩᠲᠤ ᠶᠢᠨ ᠬᠤᠯᠤᠭᠠᠨ᠎ᠠ ᠶᠢᠨ ᠬᠢᠵᠢᠭ ᠤᠨ ᠬᠢᠵᠢᠭ ᠤᠨ ᠴᠢᠭ᠂ ᠪᠠᠶᠠᠨᠲᠣᠬᠤᠶ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠬᠤᠯᠤᠭᠠᠨ᠎ᠠ ᠶᠢᠨ ᠬᠢᠵᠢᠭ ᠤᠨ ᠲᠠᠷᠬᠠᠯᠲᠠ ᠶᠢᠨ ᠣᠷᠣᠨ ᠪᠦᠰᠡ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠵᠦ ᠰᠡᠷᠡᠮᠵᠢᠯᠡᠬᠦᠯᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠬᠦ᠂ ᠬᠤᠯᠤᠭᠠᠨ᠎ᠠ ᠶᠢᠨ ᠬᠢᠵᠢᠭ ᠲᠤ ᠭᠠᠷ ᠲᠦᠷᠦᠭᠦ ᠠᠷᠭ᠎ᠠ ᠬᠡᠮᠵᠢᠶ᠎ᠡ᠂ PCR ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠠᠶᠤᠯ ᠶᠡᠬᠡᠲᠡᠶ ᠬᠥᠮᠦᠰ ᠢ ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ ᠰᠢᠢᠳᠪᠦᠷᠢᠯᠡᠬᠦ ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠮᠠᠯᠴᠢᠳ ᠤᠨ ᠮᠠᠯ ᠮᠠᠯᠵᠢᠵᠤ ᠪᠠᠶᠢᠭ᠎ᠠ ᠪᠠᠶᠢᠳᠠᠯ ᠪᠠ ᠬᠤᠯᠤᠭᠠᠨ᠎ᠠ ᠶᠢᠨ ᠬᠢᠵᠢᠭ ᠤᠨ ᠮᠡᠳᠡᠯᠭᠡ ᠶᠢᠨ ᠲᠤᠬᠠᠶ ᠲᠠᠨᠢᠨ ᠮᠡᠳᠡᠬᠦᠢ ᠶᠢᠨ ᠪᠠᠶᠢᠳᠠᠯ ᠢ ᠠᠰᠠᠭᠤᠨ ᠣᠶᠢᠯᠠᠭᠠᠪᠠ᠃ ᠰᠢᠤᠢ ᠬᠤᠩ ᡁᠢ ᠵᠢᠭᠠᠵᠤ ᠭᠠᠷᠭᠠᠭᠰᠠᠨ ᠨᠢ᠂ ᠠᠮᠢᠲᠠᠨ ᠤ ᠬᠤᠭᠤᠷᠣᠨᠳᠣᠬᠢ ᠬᠤᠯᠤᠭᠠᠨ᠎ᠠ ᠬᠢᠵᠢᠭ ᠤᠨ ᠬᠢᠨᠠᠨ ᠬᠡᠮᠵᠢᠯᠲᠡ ᠶᠢ ᠰᠠᠶᠢᠲᠤᠷ ᠬᠢᠬᠦ ᠪᠣᠯ ᠬᠥᠮᠦᠨ ᠤ ᠪᠡᠶ᠎ᠡ ᠶᠢᠨ ᠬᠤᠯᠤᠭᠠᠨ᠎ᠠ ᠬᠢᠵᠢᠭ ᠢ ᠰᠡᠷᠭᠡᠶᠢᠯᠡᠬᠦ ᠵᠠᠩᠭᠢᠯᠠᠭ᠎ᠠ ᠪᠣᠯᠤᠨ᠎ᠠ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠢᠮᠠᠭᠲᠠ ᠲᠡᠭᠡᠲᠤ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠤᠶᠢᠷᠭᠤᠰᠢᠬᠤ ᠦᠭᠡᠢ᠂ ᠮᠢᠨᠴᠦᠭᠦᠷᠡᠭᠦᠯᠬᠦ ᠦᠭᠡᠢ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠴᠠᠭ ᠢᠮᠠᠭᠲᠠ ᠰᠡᠳᠭᠢᠯ ᠳᠡᠭᠡᠨ ᠲᠠᠯᠪᠢᠵᠦ᠂ ᠰᠡᠷᠭᠡᠶᠢᠯᠡᠨ ᠡᠵᠡᠮᠳᠡᠬᠦ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ︽ᠭᠤᠷᠪᠠᠨ ᠦᠭᠡᠢ ᠭᠤᠷᠪᠠ ᠶᠢ ᠮᠡᠳᠡᠭᠦᠯᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠬᠢᠵᠢᠭ ᠰᠡᠷᠭᠡᠶᠢᠯᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠶᠤᠯ ᠶᠡᠬᠡᠲᠡᠶ ᠬᠥᠮᠦᠰ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠠ ᠰᠢᠢᠳᠪᠦᠷᠢᠯᠡᠬᠦ ᠴᠤᠪᠤᠷᠠᠯ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ︽ᠲᠠᠪᠤᠨ ᠡᠷᠳᠡ ᠨᠢᠭᠡ ᠲᠠᠷᠣᠢ︾ ᠶᠢ ᠦᠨᠡᠨᠬᠦ ᠪᠡᠶᠡᠯᠡᠭᠦᠯᠵᠦ᠂ ᠬᠦᠮᠦᠰ ᠤᠨ ᠬᠤᠭᠤᠷᠤᠨᠲᠤ ᠲᠡᠯᠭᠡᠷᠡᠬᠦ ᠬᠤᠯᠤᠭᠠᠨ᠎ᠠ ᠶᠢᠨ ᠬᠢᠵᠢᠭ ᠮᠠᠨ ᠤ ᠬᠤᠲᠠ ᠳᠤ ᠡᠭᠦᠰᠴᠦ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠳᠡᠢ ᠬᠡᠵᠡᠢ᠃      ᠳᠠᠷᠠᠭ᠎ᠠ ᠨᠢ᠂ ᠰᠢᠤᠢ ᠬᠤᠩ ᡁᠢ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ᠂ ᠲᠦᠷᠭᠡᠨ ᠡᠮᠨᠡᠯᠬᠡ ᠶᠢᠨ ᠰᠠᠯᠠᠭ᠎ᠠ᠂ ᠬᠠᠯᠠᠭᠤᠷᠠᠬᠤ ᠡᠭᠦᠳᠡᠨ ᠡᠮᠨᠡᠯᠭᠡ ᠶᠢᠨ ᠰᠠᠯᠠᠭ᠎ᠠ᠂ PCR ᠲᠤᠷᠰᠢᠯᠲᠠ ᠶᠢᠨ ᠲᠠᠰᠤᠭ᠂ ᠪᠥᠭᠡᠮ ᠬᠦᠴᠢᠯ ᠴᠤᠭᠯᠠᠭᠤᠯᠬᠤ ᠲᠠᠰᠤᠭ ᠵᠡᠷᠭᠡ ᠶᠢ ᠨᠠᠷᠢᠨ ᠪᠠᠶᠢᠴᠠᠭᠠᠵᠤ᠂ ᠡᠭᠦᠨ ᠤ ᠬᠠᠮᠲᠤ ᠬᠤᠯᠤᠭᠠᠨ᠎ᠠ ᠶᠢᠨ ᠬᠢᠵᠢᠭ ᠵᠢᠴᠢ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ᠂ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢᠤᠢ ᠬᠤᠩ ᡁᠢ ᠴᠢᠬᠤᠯᠠᠴᠢᠯᠠᠭᠰᠠᠨ ᠨᠢ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠲᠠ ᠤᠶᠠᠯᠳᠤᠭᠤᠯᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢᠶᠠᠨ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ︔ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠵᠦ᠂ ᠡᠯ᠎ᠡ ᠵᠦᠢᠯ ᠤᠨ ᠠᠵᠢᠯ ᠤᠨ ᠳᠦᠷᠢᠮ ᠪᠠ ᠠᠵᠢᠯᠯᠠᠬᠤ ᠳᠡᠰ ᠳᠠᠷᠠᠭᠠᠯᠠᠯ ᠢᠶᠠᠨ ᠪᠦᠷᠢᠨ ᠪᠣᠯᠭᠠᠨ ᠲᠡᠭᠦᠯᠳᠡᠷᠵᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠪᠠᠨ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠲᠣᠤᠷ︾ ᠢ ᠦᠨᠡᠨᠬᠦ ᠨᠢᠭᠳᠠ ᠰᠦᠯᠵᠢᠬᠦ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号