ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠵᠢᠴᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠵᠢᠴᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠣᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠲᠠᠩ ᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠵᠣᠣ ᠱᠧᠩ᠂ ᠬᠤ᠋ ᠱᠠᠨ ᠱᠦᠨ᠂ ᠯᠢᠶᠠᠩ ᠱᠤ᠋ ᠫᠢᠩ᠂ ᠯᠢᠦ ᠰᠣ᠋ ᠬᠤᠩ᠂ ᠮᠢᠩ ᠶᠢᠦ᠂ ᠰᠦᠨ ᠬᠤᠤ᠂ ᠯᠢ ᠴᠦᠨ ᠰᠢᠶᠤᠤ᠂ ᠮᠧᠩ ᠫᠸᠢ ᠶᠦᠨ ᠬᠤᠷᠠᠯ ᠳᠤ ᠣᠷᠣᠯᠴᠠᠪᠠ᠃      ᠬᠤᠷᠠᠯ ᠠᠴᠠ ᠡᠮᠦᠨ᠎ᠡ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠵᠤ᠂ ︽ᠦᠬᠠᠶ ᠬᠤᠲᠠ ᠶᠢᠨ ᠤᠯᠤᠰ ᠲᠥᠷᠥ ᠶᠢᠨ ᠠᠮᠢ ᠠᠬᠤᠶ ᠶᠢᠨ ᠪᠣᠬᠢᠷᠲᠤᠯ ᠤᠨ ᠠᠰᠠᠭᠤᠳᠠᠯ ᠵᠢᠴᠢ ᠰᠤᠷᠭᠠᠮᠵᠢ ᠰᠡᠷᠡᠮᠵᠢᠯᠡᠬᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽ᠦᠪᠡᠷᠳᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠦᠬᠠᠶ ᠬᠤᠲᠠ ᠶᠢᠨ ᠤᠯᠤᠰ ᠲᠥᠷᠥ ᠶᠢᠨ ᠠᠮᠢ ᠠᠬᠤᠶ ᠶᠢᠨ ᠵᠠᠳᠠᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠪᠣᠯᠤᠨ ᠯᠢᠦ ᠴᠢ ᠹᠠᠨ ᠨᠥᠬᠦᠷ ᠤᠨ ᠯᠢᠦ ᠴᠢ ᠹᠠᠨ ᠨᠥᠬᠦᠷ ᠤᠨ ᠦᠬᠠᠶ  ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ  ᠪᠠᠶᠢᠴᠠᠭᠠᠨ ᠰᠤᠳᠤᠯᠵᠦ ᠬᠢᠨᠠᠨ ᠵᠢᠯᠤᠭᠤᠲᠤᠭᠰᠠᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠥᠷᠭᠡᠨ ᠢᠶᠠᠷ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠬᠦᠢᠴᠡᠳ ᠪᠡᠯᠡᠳᠬᠡᠯ ᠬᠢᠵᠡᠶ᠃      ᠬᠤᠷᠠᠯ ᠳᠡᠭᠡᠷ᠎ᠡ᠂ ᠲᠠᠩ ᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠢᠴᠠᠭᠤᠯᠤᠭᠰᠠᠨ ᠪᠠᠶᠢᠴᠠᠭᠠᠯᠳᠠ ᠬᠢᠵᠦ᠂ ᠪᠡᠶ᠎ᠡ ᠪᠠᠷ ᠢᠶᠠᠨ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠳᠡᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠪᠠ᠃ ᠣᠯᠠᠨ ᠢᠶᠠᠷ ᠢᠶᠠᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠢᠲᠤᠭᠠᠨ ᠢᠷ ᠢᠶᠠᠨ ᠳᠣᠲᠣᠭᠰᠢ ᠬᠠᠨᠲᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠦᠵᠡᠯ ᠰᠠᠨᠠᠭᠠᠨ ᠤ ᠠᠰᠠᠭᠤᠳᠠᠯ ᠢᠶᠠᠨ ᠭᠦᠨᠵᠡᠭᠡᠶ ᠪᠠᠶᠢᠴᠠᠭᠠᠵᠤ᠂ ᠥᠪᠡᠷ ᠤᠨ ᠰᠢᠭᠦᠮᠵᠢᠯᠡᠯ ᠨᠢ ᠭᠦᠨᠴᠡ ᠲᠠᠢ᠂ ᠬᠠᠷᠢᠯᠴᠠᠨ ᠰᠢᠭᠦᠮᠵᠢᠯᠡᠬᠦ ᠨᠢ ᠭᠤᠱᠤᠭᠤᠨ ᠠᠮᠲᠠ ᠲᠠᠢ᠂ ᠬᠠᠷᠢᠯᠴᠠᠨ ᠬᠥᠮᠦᠵᠢᠭᠦᠯᠬᠦ ᠂ ᠬᠠᠷᠢᠯᠴᠠᠨ ᠰᠡᠷᠡᠮᠵᠢᠯᠡᠭᠦᠯᠬᠦ᠂ ᠬᠠᠷᠢᠯᠴᠠᠨ ᠠᠬᠢᠭᠤᠯᠬᠤ ᠦᠷ᠎ᠡ ᠪᠦᠲᠦᠮᠵᠢ ᠣᠯᠵᠤ᠂ ᠪᠦᠯᠬᠦᠮᠳᠡᠯ ᠢᠶᠠᠨ ᠵᠤᠵᠠᠭᠠᠳᠬᠠᠬᠤ᠂ ᠬᠠᠮᠲᠤ ᠪᠠᠷ ᠳᠡᠭᠡᠭᠰᠢᠯᠡᠬᠦ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃      ᠳᠠᠩ ᠢ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠬᠠᠷᠢᠴᠠᠯᠠᠰᠢ ᠦᠭᠡᠢ ᠦᠨᠡᠨᠴᠢ ᠰᠢᠳᠤᠷᠭᠤ ᠤᠯᠤᠰ ᠲᠦᠷᠦ ᠶᠢᠨ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠲᠤ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠤᠯᠤᠰ ᠲᠥᠷᠥ ᠶᠢ ᠡᠷᠬᠢᠮᠯᠡᠬᠦ ᠶᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠬᠤ ᠳᠡᠭᠡᠷ᠎ᠡ ᠡᠷᠡᠰ ᠢᠯᠡᠷᠡᠭᠦᠯᠵᠦ᠂ ᠮᠠᠨ ᠤ ᠬᠤᠲᠠ ᠶᠢᠨ ᠬᠥᠭᠵᠢᠯᠲᠡ ᠶᠢᠨ ᠪᠠᠶᠢᠳᠠᠯ ᠴᠣ ᠰᠢᠨ᠎ᠡ ᠪᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠰᠠᠶᠢᠵᠢᠷᠠᠬᠤ᠂ ᠺᠠᠳ᠋ᠷ ᠣᠯᠠᠨ ᠲᠦᠮᠡᠨ ᠤ ᠬᠠᠷᠢᠴᠠᠭ᠎ᠠ ᠳᠤ ᠲᠦᠷᠦ ᠲᠦᠪᠰᠢᠨ ᠲᠦᠮᠡᠨ ᠠᠮᠤᠭᠤᠯᠠᠩ᠂ ᠤᠯᠤᠰ ᠲᠥᠷᠥ ᠶᠢᠨ ᠠᠮᠢ ᠠᠬᠤᠢ ᠶᠢᠨ ᠬᠡᠪ ᠰᠤᠷᠲᠠᠯ ᠲᠥᠪ ᠴᠢᠬᠡᠴᠢ ᠪᠠᠶᠢᠬᠤ ᠶᠢ ᠪᠡᠶᠡᠯᠡᠬᠦᠯᠬᠦ ᠬᠡᠷᠡᠭᠳᠡᠢ᠃ ᠪᠣᠳᠠᠲᠠᠶ ᠠᠰᠠᠭᠤᠳᠠᠯ ᠲᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠪᠠᠷᠢᠯ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢ ᠴᠢᠩᠬ᠎ᠠ ᠠᠳᠬᠤᠵᠤ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ᠃ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠦᠨᠡᠨᠬᠦ ᠰᠠᠶᠢᠲᠤᠷ ᠭᠦᠢᠴᠡᠳᠬᠡᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠨ ᠲᠠᠰᠤᠷᠠᠯᠲᠠ ᠥᠬᠡᠶ ᠴᠡᠪᠡᠷᠰᠢᠭᠦᠯᠵᠦ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠳᠡᠢ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠨᠠᠷᠢᠯᠢᠭ ᠣᠨᠣᠴᠠᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠴᠢᠨᠠᠷ ᠰᠠᠶᠢᠲᠠᠶ ᠪᠦᠬᠦ ᠲᠠᠯ᠎ᠠ ᠪᠠᠷ ᠪᠡᠶᠡᠯᠡᠬᠦᠯᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠶ ᠪᠠᠷ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠳᠡᠢ᠃ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠬᠦᠴᠦᠯᠡᠨ ᠰᠠᠶᠢᠲᠤᠷ ᠵᠠᠮᠨᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号