ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠰᠡᠳᠦᠪᠲᠦ ᠠᠷᠠᠳᠴᠢᠯᠠᠯ ᠤᠨ ᠠᠮᠢᠲᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 21 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠰᠡᠳᠦᠪᠲᠦ ᠠᠷᠠᠳᠴᠢᠯᠠᠯ ᠤᠨ ᠠᠮᠢᠲᠤᠷᠠᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠸᠧᠨ ᠵᠢᠶᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠳ᠋ᠧᠩ ᠺᠠᠢ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠬᠤᠸᠠ ᠹᠧᠩ᠂ ᠹᠦ᠋ ᠲᠢᠩ ᠯᠢᠨ᠂ ᠸᠠᠩ ᠶᠢᠤ ᠵᠢᠶᠦ᠋ᠨ᠂ ᠳ᠋ᠢᠩ ᠢ ᠬᠤᠷᠠᠯ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠺᠠᠩ ᠸᠧᠨ ᠱᠧᠩ᠂ ᠵᠠᠩ ᠵᠢᠶᠠᠨ ᠭᠦᠸᠧ᠂ ᠸᠠᠩ ᠰᠢᠶᠠᠨ ᠭᠠᠩ᠂ ᠸᠠᠩ ᠮᠢᠩ ᠸᠠᠩ ᠬᠤᠷᠠᠯ ᠳᠤ ᠰᠤᠯᠠ ᠣᠷᠣᠯᠴᠠᠪᠠ᠃      ᠬᠤᠷᠠᠯ ᠳᠡᠭᠡᠷ᠎ᠡ᠂ ᠸᠠᠩ ᠸᠧᠨ ᠵᠢᠶᠧ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢᠶᠠᠨ ᠮᠡᠳᠡᠭᠳᠡᠬᠦ ᠶᠢᠨ ᠬᠠᠮᠲᠤ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠣᠳᠣᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠲᠠ ᠬᠢᠪᠡ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ 5 ᠲᠠᠯ᠎ᠠ ᠶᠢᠨ 19 ᠵᠦᠢᠯ ᠤᠨ ᠪᠣᠳᠠᠲᠠᠶ ᠢᠯᠡᠷᠡᠯ ᠤᠨ ᠲᠣᠭᠤᠷᠢᠨ ᠳᠤ ᠲᠣᠰ ᠪᠡᠶ᠎ᠡ ᠶᠢᠨ ᠦᠵᠡᠯ ᠰᠠᠨᠠᠭ᠎ᠠ᠂ ᠠᠵᠢᠯ᠂ ᠠᠮᠢᠳᠤᠷᠠᠯ ᠪᠠ ᠣᠪᠣᠷ ᠰᠤᠷᠲᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠴᠠᠭᠤᠯᠤᠨ ᠪᠠᠶᠢᠴᠠᠭᠠᠬᠤ ᠠᠵᠢᠯ ᠢᠶᠠᠨ ᠬᠢᠨᠠᠮᠠᠭᠠᠶ ᠥᠷᠨᠢᠭᠦᠯᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ  ᠢᠶᠠᠨ ᠲᠥᠪ ᠴᠢᠩᠭ᠎ᠠ ᠥᠷᠨᠢᠭᠦᠯᠪᠡ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤᠯᠤᠰ ᠲᠦᠷᠦ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠳᠦᠷᠢᠮ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠳᠤᠮᠳᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ︔ ᠪᠢᠰᠢᠷᠡᠨ ᠵᠢᠷᠦᠬᠡᠰᠢᠶᠡᠬᠦ ᠤᠬᠠᠮᠰᠠᠷ ᠢᠶᠠᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠵᠠᠭᠠᠷ ᠱᠤᠭᠤᠮ ᠢ ᠢᠮᠠᠭᠲᠠ ᠴᠢᠩᠭ᠎ᠠ ᠰᠠᠬᠢᠵᠤ᠂ ᠲᠦᠷᠦᠭᠦᠯᠡᠨ ᠰᠠᠬᠢᠯᠭ᠎ᠠ ᠪᠠᠲᠤ ᠶᠢ ᠰᠠᠬᠢᠵᠤ ᠶᠣᠰᠣ ᠳᠦᠷᠢᠮ ᠢ ᠡᠷᠬᠢᠮᠯᠡᠨ᠂ ᠲᠤᠰ ᠤᠳᠠᠭᠠᠨ ᠤ ᠲᠤᠰᠬᠠᠶ ᠰᠡᠳᠦᠪᠲᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠤ ᠪᠠᠶᠢᠴᠠᠭᠠᠨ ᠢᠯᠡᠷᠡᠭᠦᠯᠵᠦ ᠭᠠᠷᠭᠠᠭᠰᠠᠨ ᠠᠰᠠᠭᠤᠳᠠᠯ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠵᠤ᠂ ᠵᠦᠢᠯ ᠳᠠᠷᠠᠭᠠᠯᠠᠨ ᠡᠮᠬᠢᠯᠡᠵᠦ᠂ ᠨᠠᠷᠢᠨ ᠳᠠᠩᠰᠠ ᠵᠢᠭᠰᠠᠭᠠᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ᠂ ᠪᠡᠶᠡᠯᠡᠭᠦᠯᠬᠦ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠦᠨᠡᠨᠬᠦ ᠥᠭᠡᠷᠡᠴᠢᠯᠡᠵᠦ᠂ ᠪᠣᠳᠠᠲᠠᠶ ᠦᠭᠡᠷᠡᠴᠢᠯᠡᠯᠳᠡ ᠬᠢᠵᠦ᠂ ᠠᠰᠠᠭᠤᠳᠠᠯ ᠨᠢᠭᠡᠪᠦᠷᠢ ᠶᠢ ᠲᠤᠤᠱᠳᠠᠢ ᠴᠡᠭᠴᠡᠯᠡᠨ ᠰᠠᠶᠢᠵᠢᠷᠠᠭᠤᠯᠵᠤ᠂ ᠠᠷᠭ᠎ᠠ ᠬᠡᠮᠵᠢᠶ᠎ᠡ ᠨᠢᠭᠡᠪᠦᠷᠢ ᠪᠠᠨ ᠪᠤᠳᠠᠳᠠᠶᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠭᠡᠬᠦ ᠡᠨᠡ ᠬᠦ ᠵᠠᠩᠭᠢᠯᠠᠭ᠎ᠠ ᠶᠢ ᠠᠳᠬᠤᠵᠤ᠂ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠰᠢᠰᠲ᠋ᠧᠮ ᠤᠨ ᠱᠠᠲᠤ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠬᠦ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠪᠠᠶᠢᠴᠠᠭᠠᠵᠤ᠂ ᠮᠡᠳᠡᠭᠦᠯᠵᠦ᠂ ᠬᠥᠮᠦᠨ ᠢ ᠬᠠᠮᠢᠶᠠᠷᠬᠤ᠂ ᠠᠵᠢᠯ ᠬᠢᠬᠦ᠂ ᠨᠠᠮ ᠢ ᠵᠠᠰᠠᠬᠤ ᠶᠢ ᠤᠶᠠᠯᠳᠤᠭᠤᠯᠬᠤ ᠶᠢ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠵᠥᠪᠯᠡᠯᠭᠡᠨ ᠤ ᠤᠯᠤᠰ ᠲᠦᠷᠦ ᠶᠢᠨ ᠠᠮᠢ ᠠᠬᠤᠢ ᠶᠢ ᠪᠠᠶᠢᠭᠤᠯᠬᠤ ᠬᠡᠷᠡᠭᠲᠡᠢ︔ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠶᠢ ᠰᠠᠶᠢᠲᠤᠷ ᠬᠢᠬᠦ᠂ ᠬᠤᠶᠠᠷ ᠬᠤᠲᠠ ᠶᠢ ᠬᠤᠯᠪᠣᠭᠠᠯᠠᠨ ᠴᠤᠭᠴᠠᠯᠠᠬᠤ᠂ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠵᠡᠷᠭᠡ ᠲᠤᠬᠠᠶ ᠭᠦᠨᠵᠡᠭᠡᠶ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠂ ᠢᠳᠡᠪᠬᠢᠲᠡᠶ ᠠᠷᠭ᠎ᠠ ᠤᠬᠠᠭᠠᠨ ᠭᠠᠷᠭᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠬᠦ ᠶᠢ ᠪᠠᠲᠤᠯᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠣᠯᠠᠨ ᠤᠯᠤᠰ ᠲᠥᠷᠦ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号