ᠨᠢᠭᠡ᠂ ᠨᠡᠷ᠎ᠡ ᠲᠦᠷᠣ ᠶᠢᠨ ᠡᠷᠭᠡ ᠳᠤ ᠬᠠᠯᠲᠠᠭᠰᠠᠨ ᠠᠵᠢᠯᠯᠠᠭ᠎ᠠ᠃ ᠡᠩ ᠤᠨ ᠪᠠᠶᠢᠳᠠᠯ ᠲᠣᠣᠷ᠎ᠠ᠂ ᠨᠡᠷ᠎ᠡ | ᠲᠦᠷᠣ ᠶᠢᠨ ᠡᠷᠭᠡ ᠳᠤ ᠬᠠᠯᠲᠠᠭᠰᠠᠨ ᠠᠵᠢᠯᠯᠠᠭ᠎ᠠ ᠳᠤ ᠲᠣᠣᠷᠠᠬᠢ ᠬᠡᠲᠦᠨ ᠵᠦᠢᠯ ᠪᠠᠭᠲᠠᠨ᠎ᠠ᠄ | ︵ᠨᠢᠭᠡ︶᠂ ᠲᠣᠷᠣᠮᠵᠢᠯᠠᠵᠤ ᠭᠤᠲᠣᠭᠠᠬᠤ᠃ ᠲᠣᠷᠣᠮᠵᠢᠯᠠᠵᠤ ᠭᠤᠲᠣᠭᠠᠬᠤ ᠭᠡᠲᠡᠭ ᠪᠣᠯ ᠵᠣᠷᠢᠭᠤᠲᠠ ᠦᠭᠡ | ᠶᠠᠷᠢᠶ᠎ᠠ᠂ ᠦᠰᠦᠭ ᠪᠢᠴᠢᠭ ᠪᠣᠶᠣ ᠦᠢᠯᠨ ᠠᠵᠢᠯᠯᠠᠭ᠎ᠠ ᠵᠡᠷᠭᠡ ᠠᠷᠭ᠎ᠠ ᠮᠠᠶ᠋ᠢᠭ ᠢᠶᠠᠷ ᠪᠣᠰᠣᠳ ᠤᠨ ᠬᠥᠮᠥᠨ ᠴᠢᠨᠠᠷ ᠢ | ᠲᠣᠷᠣᠮᠵᠢᠯᠠᠬᠤ᠂ ᠪᠣᠰᠣᠳ ᠬᠦᠮᠦᠨ ᠤ ᠨᠡᠷ᠎ᠡ ᠲᠦᠷᠣ ᠶᠢ ᠬᠤᠬᠢᠷᠠᠭᠤᠯᠬᠤ ᠦᠢᠯᠨ ᠠᠵᠢᠯᠯᠠᠭ᠎ᠠ ᠶᠢ ᠵᠢᠭᠠᠵᠤ ᠪᠠᠶᠢᠨ᠎ᠠ᠃ | ᠲᠣᠷᠣᠮᠵᠢᠯᠠᠵᠤ ᠭᠤᠲᠣᠭᠠᠬᠤ ᠠᠷᠭ᠎ᠠ ᠮᠠᠶ᠋ᠢᠭ ᠨᠢ ᠦᠭᠡ ᠶᠠᠷᠢᠶ᠎ᠠ᠂ ᠦᠰᠦᠭ ᠪᠢᠴᠢᠭ ᠪᠣᠶᠣ ᠦᠢᠯᠨ ᠠᠵᠢᠯᠯᠠᠭ᠎ᠠ | ᠬᠦᠲᠡᠯᠣᠯ ᠪᠠᠶᠢᠳᠠᠯ ᠪᠠᠶᠢᠵᠣ ᠪᠣᠯᠣᠨ᠎ᠡ᠃ ᠪᠠᠰᠠ ᠲᠡᠭᠡᠷᠡᠬᠢ ᠬᠡᠲᠦᠨ ᠵᠦᠢᠯ ᠤᠨ ᠠᠷᠭ᠎ᠠ ᠮᠠᠶ᠋ᠢᠭ ᠤᠨ ᠨᠡᠶᠢᠯᠡᠯ ᠴᠦ | ᠪᠠᠶᠢᠵᠣ ᠪᠣᠯᠣᠨ᠎ᠡ᠃ ︽ᠢᠷᠭᠡᠨ ᠤ ᠬᠠᠤᠯᠢ ᠶᠢᠨ ᠶᠡᠷᠦᠩᠭᠡᠢ ᠳᠦᠷᠢᠮ︾ ᠤᠨ ᠵᠠᠭᠤ ᠶᠢᠰᠦᠳᠦᠭᠡᠷ ᠵᠦᠢᠯ ᠤᠨ ᠲᠣᠭᠲᠠᠭᠠᠯ | ᠢᠶᠠᠷ᠂ ᠲᠣᠷᠣᠮᠵᠢᠯᠠᠵᠤ ᠭᠤᠲᠣᠭᠠᠬᠤ ᠬᠡᠯᠪᠡᠷᠢ ᠪᠠᠷ ᠠᠷᠠᠳ ᠢᠷᠭᠡᠨ᠂ ᠬᠠᠤᠯᠢ ᠶᠢᠨ ᠬᠦᠮᠦᠨ ᠤ ᠨᠡᠷ᠎ᠡ ᠲᠦᠷᠦ ᠶᠢ | ᠬᠤᠬᠢᠷᠠᠭᠤᠯᠬᠤ ᠶᠢ ᠴᠠᠭᠠᠵᠠᠯᠠᠳᠠᠭ᠃ | ︵ᠬᠤᠶᠠᠷ︶᠂ ᠬᠦᠳᠭᠡᠬᠦ᠃ ᠬᠦᠳᠭᠡᠬᠦ ᠬᠡᠲᠡᠭ ᠪᠣᠯ ᠵᠣᠷᠢᠭᠤᠲᠠ ᠪᠣᠶᠣ ᠠᠳᠡᠯ ᠢᠶᠠᠷ ᠪᠣᠰᠣᠳ ᠬᠦᠮᠥᠨ ᠤ | ᠲᠣᠬᠠᠢ ᠬᠤᠲᠠᠯ ᠬᠠᠭᠤᠷᠮᠠᠭ ᠪᠣᠲᠠᠲᠣ ᠬᠡᠷᠡᠭ ᠢ ᠲᠠᠷᠬᠠᠭᠠᠵᠤ᠂ ᠪᠣᠰᠣᠳ ᠬᠥᠮᠥᠨ ᠤ ᠨᠡᠷ᠎ᠡ ᠬᠦᠨᠲᠦ ᠶᠢ ᠪᠠᠭᠤᠷᠠᠭᠤᠯᠬᠤ | ᠪᠣᠶᠣ ᠬᠤᠬᠢᠷᠠᠭᠤᠯᠬᠤ ᠦᠢᠯᠨ ᠠᠵᠢᠯᠯᠠᠭ᠎ᠠ ᠶᠢ ᠵᠢᠭᠠᠵᠤ ᠪᠠᠶᠢᠳᠠᠭ᠃ ᠬᠦᠳᠭᠡᠬᠦ ᠠᠷᠭ᠎ᠠ ᠮᠠᠶ᠋ᠢᠭ ᠨᠢ ᠦᠭᠡ ᠶᠠᠷᠢᠶ᠎ᠠ᠂ | ᠦᠰᠦᠭ ᠪᠢᠴᠢᠭ ᠪᠣᠶᠣ ᠡᠰᠡᠬᠦᠯ᠎ᠡ ᠪᠣᠰᠣᠳ ᠶᠠᠮᠠᠷᠪᠠ ᠬᠤᠲᠠᠯ ᠬᠠᠭᠤᠷᠮᠠᠭ ᠪᠣᠲᠠᠲᠤ ᠬᠡᠷᠡᠭ ᠢ ᠲᠠᠷᠬᠠᠭᠠᠬᠤ ᠠᠷᠭ᠎ᠠ | ᠮᠠᠶ᠋ᠢᠭ ᠪᠠᠶᠢᠵᠤ ᠪᠣᠯᠣᠨ᠎ᠡ᠃ ︽ᠢᠷᠭᠡᠨ ᠤ ᠬᠠᠤᠯᠢ ᠶᠢᠨ ᠶᠡᠷᠦᠩᠭᠡᠢ ᠳᠦᠷᠢᠮ︾ ᠤᠨ ᠵᠠᠭᠤ ᠶᠢᠰᠦᠳᠦᠭᠡᠷ ᠵᠦᠢᠯ ᠤᠨ | ᠲᠣᠭᠲᠠᠭᠠᠯ ᠢᠶᠠᠷ᠂ ᠲᠣᠷᠣᠮᠵᠢᠯᠠᠵᠤ ᠭᠤᠲᠣᠭᠠᠬᠤ ᠬᠡᠯᠪᠡᠷᠢ ᠪᠠᠷ ᠠᠷᠠᠳ ᠢᠷᠭᠡᠨ᠂ ᠬᠠᠤᠯᠢ ᠶᠢᠨ ᠬᠦᠮᠦᠨ ᠤ ᠨᠡᠷ᠎ᠡ | ᠲᠦᠷᠦ ᠶᠢ ᠬᠤᠬᠢᠷᠠᠭᠤᠯᠬᠤ ᠶᠢ ᠮᠦᠨ ᠴᠦ ᠴᠠᠭᠠᠵᠠᠯᠠᠳᠠᠭ᠃ | ︵ᠭᠤᠷᠪᠡ︶᠂ ᠰᠣᠨᠢᠨ ᠮᠡᠲᠡᠭᠡᠯᠡᠯ ᠨᠢ ᠬᠦᠨᠳᠦ ᠨᠣᠴᠢᠲᠠᠢ ᠭᠠᠵᠢᠭᠤᠲᠠᠵᠦ᠂ ᠪᠣᠰᠣᠳ ᠬᠦᠮᠦᠨ ᠤ ᠨᠡᠷ᠎ᠡ | ᠲᠦᠷᠦ ᠳᠤ ᠬᠤᠬᠢᠷᠠᠯ ᠣᠴᠠᠷᠠᠭᠤᠯᠬᠤ᠃ ᠰᠣᠨᠢᠨ ᠮᠡᠲᠡᠭᠡᠨ ᠤ ᠨᠢᠭᠡᠴᠢ ᠶᠢᠨ ᠲᠦᠷᠣ ᠶᠢᠨ ᠪᠠᠶᠢᠭᠤᠯᠭ᠎ᠠ ᠶᠢᠨ ᠡᠷᠭᠡ | ᠲᠣᠰᠢᠶᠠᠯ ᠶᠣᠰᠣᠭᠠᠷ ᠬᠢᠭᠰᠡᠨ ᠢᠯᠨ ᠪᠢᠴᠢᠭ ᠮᠠᠲ᠋ᠧᠷᠢᠶᠠᠯ ᠪᠠ ᠬᠡᠷᠡᠭᠵᠢᠬᠦᠯᠦᠭᠰᠡᠨ ᠢᠯᠨ ᠡᠷᠭᠡ ᠲᠣᠰᠢᠶᠠᠯᠲᠤ ᠦᠢᠯᠨ | ᠠᠵᠢᠯᠯᠠᠭ᠎ᠠ ᠶᠢ ᠦᠨᠳᠦᠰᠦᠯᠡᠵᠦ ᠬᠢᠭᠰᠡᠨ ᠮᠡᠳᠡᠭᠡᠯᠡᠯ ᠨᠢ ᠪᠣᠰᠣᠳᠴᠢ ᠪᠦᠭᠡᠳ ᠣᠨᠣᠪᠴᠢᠲᠠᠢ ᠪᠠᠶᠢᠪᠠᠯ᠂ ᠪᠣᠰᠣᠳ | ᠬᠥᠮᠥᠨ ᠤ ᠨᠡᠷ᠎ᠡ ᠲᠦᠷᠣ ᠶᠢᠨ ᠡᠷᠭᠡ ᠳᠤ ᠬᠠᠯᠳᠠᠭᠰᠠᠨ ᠢᠶᠠᠷ ᠮᠠᠭᠠᠳᠯᠠᠵᠤ ᠪᠣᠯᠬᠤ ᠦᠭᠡᠢ︔ ᠮᠡᠳᠡᠭᠡᠯᠡᠯ ᠨᠢ | ᠭᠠᠵᠢᠭᠤᠲᠠᠬᠤ ᠪᠣᠶᠣ ᠡᠰᠡᠬᠦᠯ᠎ᠡ ᠲᠡᠭᠡᠷ᠎ᠡ ᠲᠣᠷᠠᠲᠣᠭᠰᠠᠨ ᠪᠢᠴᠢᠭ ᠮᠠᠲ᠋ᠧᠷᠢᠶᠠᠯ ᠪᠣᠯᠣᠨ ᠡᠷᠭᠡ ᠲᠣᠰᠢᠶᠠᠯᠲᠤ ᠦᠢᠯᠨ | ᠠᠵᠢᠯᠯᠠᠭ᠎ᠠ ᠶᠢ ᠨᠢᠭᠡᠨᠲᠡ ᠢᠯᠨ ᠪᠠᠷ ᠵᠠᠯᠠᠷᠠᠭᠤᠯᠣᠭᠰᠠᠨ ᠪᠠᠶᠢᠳᠠᠯ᠎ᠠ ᠮᠡᠳᠡᠭᠡᠯᠡᠯ ᠢᠶᠠᠨ ᠬᠠᠷᠢᠨ ᠵᠠᠯᠠᠷᠠᠭᠤᠯᠬᠤ ᠦᠭᠡᠢ | ᠪᠠᠶᠢᠵᠣ᠂ ᠪᠣᠰᠣᠳ ᠬᠦᠮᠥᠨ ᠤ ᠨᠡᠷ᠎ᠡ ᠲᠦᠷᠣ ᠳᠤ ᠬᠤᠬᠢᠷᠠᠯ ᠣᠴᠠᠷᠠᠭᠤᠯᠪᠠᠯ᠂ ᠪᠣᠰᠣᠳ ᠬᠥᠮᠥᠨ ᠤ ᠨᠡᠷ᠎ᠡ ᠲᠦᠷᠣ | ᠶᠢᠨ ᠡᠷᠭᠡ ᠳᠤ ᠬᠠᠯᠲᠠᠭᠰᠠᠨ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠃ | ⒈ᠰᠣᠨᠢᠨ ᠮᠡᠲᠡᠭᠡ ᠶᠢᠨ ᠮᠠᠲ᠋ᠧᠷᠢᠶᠠᠯ ᠬᠠᠩᠭᠠᠬᠤ ᠠᠴᠠ ᠪᠣᠯᠵᠤ ᠡᠬᠦᠰᠦᠭᠰᠡᠨ ᠨᠡᠷ᠎ᠡ ᠲᠦᠷᠣ ᠶᠢᠨ ᠡᠷᠭᠡ ᠶᠢᠨ | ᠮᠠᠷᠭᠤᠭᠠᠨ ᠨᠢ ᠡᠷᠭᠡ ᠳᠤ ᠬᠠᠯᠲᠠᠭᠰᠠᠨ ᠪᠣᠯᠵᠤ ᠪᠦᠷᠢᠯᠳᠦᠬᠦ ᠡᠰᠡᠬᠦ ᠶᠢ ᠮᠠᠭᠠᠳᠯᠠᠬᠤ ᠳᠤ᠂ ᠲᠣᠣᠷᠠᠬᠢ ᠬᠤᠶᠠᠷ ᠵᠦᠢᠯ | ᠤᠨ ᠪᠠᠶᠢᠳᠠᠯ ᠢ ᠢᠯᠭᠠᠬᠤ ᠬᠡᠷᠡᠭᠲᠡᠢ᠃ | ⒉ ᠬᠦᠳᠡᠯᠦᠩᠬᠦᠢ ᠪᠠᠷ ᠰᠣᠨᠢᠨ ᠮᠡᠳᠡᠭᠡ ᠶᠢᠨ ᠮᠠᠲ᠋ᠧᠷᠢᠶᠠᠯ ᠬᠠᠩᠭᠠᠵᠤ᠂ ᠪᠣᠰᠣᠳ ᠬᠦᠮᠥᠨ ᠤ ᠨᠡᠷ᠎ᠡ ᠲᠦᠷᠣ | ᠳᠤ ᠬᠤᠬᠢᠷᠠᠯ ᠣᠴᠠᠷᠠᠭᠤᠯᠪᠠᠯ᠂ ᠪᠣᠰᠣᠳ ᠬᠦᠮᠥᠨ ᠤ ᠨᠡᠷ᠎ᠡ ᠲᠦᠷᠣ ᠶᠢᠨ ᠡᠷᠭᠡ ᠳᠤ ᠬᠠᠯᠲᠠᠭᠰᠠᠨ ᠢᠶᠠᠷ ᠮᠠᠭᠠᠳᠯᠠᠨ | ᠲᠣᠭᠲᠠᠭᠠᠬᠤ ᠬᠡᠷᠡᠭᠲᠡᠢ᠃ ᠬᠦᠳᠡᠯᠦᠭᠳᠡᠩᠬᠦᠢ ᠪᠠᠷ ᠰᠣᠷᠪᠣᠯᠵᠢᠯᠠᠬᠲᠠᠬᠰᠠᠨ ᠠᠴᠠ ᠰᠣᠨᠢᠨ ᠮᠡᠲᠡᠭᠡ ᠶᠢᠨ ᠮᠠᠲ᠋ᠧᠷᠢᠶᠠᠯ | ᠬᠠᠩᠭᠠᠬᠤ ᠪᠦᠭᠡᠳ ᠬᠠᠩᠭᠠᠭᠴᠢ ᠶᠢᠨ ᠢᠯᠨ ᠪᠣᠯᠭᠠᠬᠤ ᠵᠦᠪᠰᠢᠶᠡᠷᠡᠯ ᠦᠭᠡᠢ ᠪᠠᠷ᠂ ᠰᠣᠨᠢᠨ ᠮᠡᠲᠡᠭᠡ ᠶᠢᠨ ᠨᠢᠭᠡᠴᠢ | ᠠᠴᠠ ᠲᠣᠷ᠎ᠠ ᠪᠠᠷ ᠢᠶᠠᠨ ᠨᠡᠶᠢᠲᠡᠯᠡᠵᠦ᠂ ᠪᠣᠰᠣᠳ ᠬᠦᠮᠥᠨ ᠤ ᠨᠡᠷ᠎ᠡ ᠲᠦᠷᠣ ᠳᠤ ᠬᠤᠬᠢᠷᠠᠯ ᠣᠴᠠᠷᠠᠭᠤᠯᠪᠠᠯ᠂ ᠶᠠᠷᠣ | ᠳᠡᠭᠡᠨ ᠬᠠᠩᠭᠠᠬᠴᠢ ᠶᠢ ᠨᠡᠷ᠎ᠡ ᠲᠦᠷᠣ ᠶᠢᠨ ᠡᠷᠭᠡ ᠳᠤ ᠬᠠᠯᠲᠠᠭᠰᠠᠨ ᠢᠶᠠᠷ ᠮᠠᠭᠠᠳᠯᠠᠬᠤ ᠦᠭᠡᠢ ᠪᠠᠶᠢᠪᠠᠯ ᠵᠣᠬᠢᠨ᠎ᠠ︔ | ᠬᠡᠲᠦᠶᠢᠪᠡᠷ ᠬᠦᠳᠡᠯᠦᠭᠲᠡᠩᠬᠦᠢ ᠪᠠᠷ ᠰᠣᠨᠢᠨ ᠮᠡᠲᠡᠭᠡ ᠶᠢᠨ ᠮᠠᠲ᠋ᠧᠷᠢᠶᠠᠯ ᠬᠠᠩᠭᠠᠬᠰᠠᠨ ᠪᠣᠯᠪᠠᠴᠦ᠂ ᠨᠡᠶᠢᠲᠡᠯᠡᠬᠦ ᠦᠶ᠎ᠡ ᠳᠤ | ᠬᠠᠩᠭᠠᠭᠴᠢ ᠶᠢᠨ ᠵᠦᠪᠰᠢᠶᠡᠷᠡᠯ ᠪᠣᠶᠣ ᠲᠣᠭᠤᠢ ᠵᠦᠪᠰᠢᠶᠡᠷᠡᠬᠦ ᠶᠢ ᠣᠯᠵᠤ᠂ ᠪᠣᠰᠣᠳ ᠬᠦᠮᠥᠨ ᠤ ᠨᠡᠷ᠎ᠡ ᠲᠦᠷᠣ ᠳᠤ | ᠬᠤᠬᠢᠷᠠᠯ ᠣᠴᠠᠷᠠᠭᠤᠯᠪᠠᠯ᠂ ᠨᠡᠷ᠎ᠡ ᠲᠦᠷᠣ ᠶᠢᠨ ᠡᠷᠭᠡ ᠳᠤ ᠬᠠᠯᠲᠠᠭᠰᠠᠨ ᠢᠶᠠᠷ ᠮᠠᠭᠠᠳᠯᠠᠬᠤ ᠬᠡᠷᠡᠭᠲᠡᠢ᠃ | ᠬᠤᠶᠠᠷ᠂ ᠨᠡᠷ᠎ᠡ ᠲᠦᠷᠣ ᠶᠢᠨ ᠡᠷᠭᠡ ᠳᠤ ᠡᠰᠡ ᠬᠠᠯᠲᠠᠭᠰᠠᠨ ᠠᠵᠢᠯᠯᠠᠭ᠎ᠠ᠃ | ⒈ ᠰᠣᠨᠢᠨ ᠮᠡᠲᠡᠭᠡ ᠶᠢᠨ ᠵᠠᠭᠤᠴᠢᠯᠠᠭᠤᠷ ᠤᠨ ᠮᠡᠳᠡᠭᠡᠯᠡᠯ ᠳᠤ ᠢᠯᠡᠷᠡᠬᠦᠯᠦᠭᠰᠡᠨ ᠦᠨᠡᠨ ᠪᠣᠲᠠᠲᠠᠢ ᠬᠡᠷᠡᠭ | ᠶᠠᠪᠣᠲᠠᠯ ᠨᠢ ᠨᠡᠷ᠎ᠡ ᠲᠦᠷᠣ ᠶᠢᠨ ᠡᠷᠭᠡ ᠳᠤ ᠬᠠᠯᠲᠠᠭᠰᠠᠨ ᠪᠣᠯᠵᠤ ᠪᠦᠷᠢᠯᠲᠦᠬᠦ ᠦᠭᠡᠢ᠃ ᠨᠡᠷ᠎ᠡ ᠲᠦᠷᠣ ᠶᠢᠨ ᠡᠷᠭᠡ | ᠳᠤ ᠬᠠᠯᠲᠠᠭᠰᠠᠨ ᠠᠵᠢᠯᠯᠠᠭ᠎ᠠ ᠪᠦᠬᠦᠨ ᠤ ᠨᠡᠶᠢᠲᠡ ᠶᠢᠨ ᠣᠨᠴᠠᠯᠢᠭ ᠪᠣᠯ ᠬᠤᠲᠠᠯ ᠬᠠᠭᠤᠷᠮᠠᠭ ᠪᠣᠲᠠᠲᠣ ᠬᠡᠷᠡᠭ ᠪᠣᠶᠣ | ᠲᠠᠪᠠᠭᠤᠯᠣᠯ ᠦᠭᠡ ᠶᠠᠷᠢᠶ᠎ᠠ ᠪᠠᠷ ᠪᠣᠰᠣᠳ ᠬᠦᠮᠦᠨ ᠤ ᠨᠡᠶᠢᠭᠡᠮ ᠤᠨ ᠦᠨᠡᠯᠡᠯᠲᠡ ᠳᠤ ᠬᠤᠬᠢᠷᠠᠯ ᠣᠴᠠᠷᠠᠭᠤᠯᠬᠤ | ᠪᠣᠯᠣᠨ᠎ᠡ᠃ ᠡᠶᠢᠮᠣ ᠠᠴᠠ ᠪᠣᠰᠣᠳ ᠬᠦᠮᠥᠨ ᠤ ᠦᠨᠡᠨ ᠪᠣᠲᠠᠲᠤ ᠦᠭᠡ ᠶᠠᠷᠢᠶ᠎ᠠ ᠨᠡᠶᠢᠲᠡᠯᠡᠬᠦ᠂ ᠣᠯᠠᠮᠵᠢᠯᠠᠬᠤ ᠨᠢ ᠨᠡᠷ᠎ᠡ | ᠲᠦᠷᠣ ᠶᠢᠨ ᠡᠷᠭᠡ ᠳᠤ ᠬᠠᠯᠲᠠᠭᠰᠠᠨ ᠪᠣᠯᠵᠤ ᠪᠦᠷᠢᠯᠳᠦᠬᠦ ᠦᠭᠡᠢ᠃ ᠭᠡᠪᠡᠴᠦ ᠪᠣᠰᠣᠳ ᠡᠷᠭᠡ᠂ ᠵᠢᠱᠢᠶᠡᠯᠡᠪᠡᠯ᠂ ᠬᠤᠪᠢ | ᠶᠢᠨ ᠨᠢᠭᠤᠴᠠ ᠶᠢᠨ ᠡᠷᠭᠡ ᠳᠤ ᠬᠠᠯᠲᠠᠭᠰᠠᠨ ᠪᠣᠯᠵᠤ ᠪᠦᠷᠢᠯᠳᠦᠵᠦ ᠮᠡᠲᠡᠨ᠎ᠡ᠃ | ⒉ ᠣᠳᠬ᠎ᠠ ᠵᠣᠬᠢᠶᠠᠯ ᠤᠨ ᠪᠦᠲᠦᠭᠡᠯ ᠵᠣᠬᠢᠶᠠᠨ ᠪᠢᠴᠢᠵᠤ᠂ ᠨᠡᠶᠢᠲᠡᠯᠡᠬᠦ ᠳᠤ ᠪᠠᠨ ᠪᠣᠲᠠᠲᠣ ᠠᠮᠢᠲᠣᠷᠠᠯ ᠳᠠᠬᠢ | ᠣᠨᠴᠠ ᠨᠢᠭᠡᠨ ᠬᠦᠮᠦᠨ ᠢᠶᠠᠷ ᠲᠦᠷᠰᠦᠯᠡᠭᠲᠡᠬᠦᠨ ᠢᠶᠠᠨ ᠪᠣᠯᠭᠠᠭᠰᠠᠨ ᠪᠢᠰᠢ᠂ ᠵᠦᠪᠬᠡᠨ ᠦᠢᠯᠨ ᠪᠠᠶᠢᠳᠠᠯ ᠨᠢ | ᠠᠮᠢᠲᠣᠷᠠᠯ ᠳᠠᠬᠢ ᠶᠠᠮᠠᠷ ᠨᠢᠭᠡᠨ ᠬᠦᠮᠥᠨ ᠤ ᠪᠠᠶᠢᠳᠠᠯ ᠲᠠᠢ ᠠᠳᠠᠯᠢᠪᠲᠣᠷ ᠪᠠᠶᠢᠪᠠᠯ᠂ ᠪᠣᠰᠣᠳ ᠬᠦᠮᠦᠨ ᠤ ᠨᠡᠷ᠎ᠡ ᠲᠦᠷᠣ | ᠶᠢᠨ ᠡᠷᠭᠡ ᠳᠤ ᠬᠠᠯᠲᠠᠭᠰᠠᠨ ᠢᠶᠠᠷ ᠮᠠᠭᠠᠳᠯᠠᠨ ᠲᠣᠭᠲᠠᠭᠠᠵᠤ ᠪᠣᠯᠬᠤ ᠦᠭᠡᠢ᠃ | ⒊ ᠰᠢᠬᠦᠮᠵᠢ ᠶᠢᠨ ᠴᠢᠨᠠᠷ ᠲᠠᠢ ᠵᠣᠬᠢᠶᠠᠯ ᠪᠢᠴᠢᠵᠦ ᠨᠡᠶᠢᠲᠡᠯᠡᠬᠦ ᠳᠤ᠂ ᠵᠣᠬᠢᠶᠠᠯ ᠳᠤ ᠲᠣᠰᠬᠠᠬᠰᠠᠨ | ᠠᠰᠠᠭᠤᠳᠠᠯ ᠨᠢ ᠦᠨᠳᠦᠰᠦᠨ ᠳᠤ ᠪᠠᠨ ᠦᠨᠡᠨ ᠪᠣᠲᠠᠲᠠᠢ᠂ ᠪᠣᠰᠣᠳ ᠬᠦᠮᠦᠨ ᠤ ᠬᠦᠮᠦᠨ ᠴᠢᠨᠠᠷ ᠢ ᠲᠣᠷᠣᠮᠵᠢᠯᠠᠵᠤ | ᠭᠤᠲᠣᠭᠠᠭᠰᠠᠨ ᠠᠭᠤᠯᠭ᠎ᠠ ᠦᠭᠡᠢ ᠪᠠᠶᠢᠪᠠᠯ ᠪᠣᠰᠣᠳ ᠬᠦᠮᠥᠨ ᠤ ᠨᠡᠷ᠎ᠡ ᠲᠦᠷᠣ ᠶᠢᠨ ᠡᠷᠭᠡ ᠳᠤ ᠬᠠᠯᠲᠠᠭᠰᠠᠨ ᠢᠶᠠᠷ | ᠮᠠᠭᠠᠳᠯᠠᠨ ᠲᠣᠭᠲᠠᠭᠠᠵᠤ ᠪᠣᠯᠬᠤ ᠦᠭᠡᠢ᠃ |