8 ᠰᠠᠷ᠎ᠠ ᠶᠢᠨ 21 ᠤ ᠡᠳᠦᠷ᠂ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ | ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠬᠠᠨ ᠬᠦᠸᠧ ᠡᠤ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠿᠧᠨ ᠸᠧᠨ ᠢ᠂ ᠯᠢᠦ ᠬᠤᠩ ᠶᠦᠨ᠂ ᠯᠢᠦ ᠵᠢᠶ ᠭᠤᠤ᠂ ᠪᠠᠶ ᠬᠠᠶ | ᠿᠦᠩ᠂ ᠦ᠋ ᠰᠢᠶᠤᠤ ᠾᠦᠢ᠂ ᠸᠠᠩ ᠶᠢᠨ ᠪᠤᠯᠤᠨ ᠨᠠᠷᠢᠨ ᠪᠢᠴᠢᠭ ᠤᠨ ᠳᠠᠷᠤᠭ᠎ᠠ ᠽᠦᠸᠧ ᠶᠢᠩ ᠵᠢᠴᠢ | ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 32 ᠬᠥᠮᠦᠨ ᠬᠤᠷᠠᠯ ᠳᠤ ᠣᠷᠣᠯᠴᠠᠵᠠᠶ᠃ | ᠬᠤᠷᠠᠯ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ ᠳᠡᠭᠡᠷ᠎ᠡ ᠬᠠᠭᠠᠰ ᠵᠢᠯ ᠤᠨ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠦᠢᠴᠡᠳᠬᠡᠭᠰᠡᠨ | ᠪᠠᠶᠢᠳᠠᠯ ᠤᠨ ᠲᠤᠬᠠᠶ ᠮᠡᠳᠡᠭᠦᠯᠦᠯᠳᠡ᠂ 2019 ᠣᠨ ᠤ ᠡᠳ᠋ ᠤᠨ ᠵᠠᠰᠠᠭ ᠤᠨ ᠲᠥᠰᠦᠪ ᠤᠨ ᠬᠦᠢᠴᠡᠳᠬᠡᠯ ᠪᠠ | 2020 ᠣᠨ ᠤ ᠳᠡᠭᠡᠷ᠎ᠡ ᠬᠠᠭᠠᠰ ᠵᠢᠯ ᠤᠨ ᠲᠥᠰᠦᠪ ᠢ ᠬᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ | 2019 ᠣᠨ ᠤ ᠬᠤᠲᠠ ᠶᠢᠨ ᠲᠣᠰ ᠱᠠᠲᠤᠨ ᠤ ᠲᠥᠰᠦᠪ ᠢ ᠬᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠲᠤᠬᠤ ᠠᠵᠢᠯ ᠤᠨ ᠲᠤᠬᠠᠶ ᠮᠡᠳᠡᠭᠦᠯᠦᠯᠲᠡ᠂ ᠪᠥᠬᠦ ᠬᠤᠲᠠ ᠶᠢᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ | ᠮᠡᠳᠡᠭᠦᠯᠦᠯᠲᠡ᠂ ᠬᠠᠲᠤᠨ ᠭᠤᠤᠯ ᠤᠨ ᠰᠠᠪᠠ ᠭᠠᠵᠠᠷ ᠤᠨ ᠦᠬᠠᠶ ᠶᠢᠨ ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ | ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ︽ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ﹀ ᠶᠢᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠬᠠᠶ ᠮᠡᠳᠡᠭᠦᠯᠦᠯᠲᠡ︾ ᠶᠢᠨ ᠮᠡᠳᠡᠭᠦᠯᠦᠯᠲᠡ ᠶᠢ ᠰᠣᠨᠣᠰᠴᠦ ᠬᠢᠨᠠᠨ | ᠵᠥᠪᠯᠡᠵᠦ ᠪᠠᠲᠤᠯᠠᠪᠠ︔ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ﹀ | ᠪᠠ ︿ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ﹀ ᠤᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠶᠢᠨ ᠮᠡᠳᠡᠭᠦᠯᠦᠯᠲᠡ ᠶᠢ ᠨᠠᠶᠢᠳᠠᠪᠤᠷᠢᠵᠢᠭᠤᠯᠬᠤ ᠲᠤᠬᠠᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ︿ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ | ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ﹀ ᠶᠢ | ᠬᠢᠨᠠᠨ ᠵᠦᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ︽ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠪᠦᠬᠦ ᠬᠤᠲᠠ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠳᠠᠯ ᠤᠨ ᠲᠤᠬᠠᠢ ᠮᠡᠳᠡᠭᠦᠯᠦᠯᠲᠡ﹀ ᠶᠢ ᠬᠢᠨᠠᠨ | ᠵᠦᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠦ | ᠪᠠᠲᠤᠯᠠᠪᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ ᠬᠤᠲᠠ ᠶᠢᠨ ᠲᠣᠰ ᠱᠠᠲᠤᠨ ᠤ | ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠡᠬᠡ ᠨᠤᠤᠷᠠᠭ︶ ᠤᠨ ᠲᠤᠬᠠᠢ ᠮᠡᠳᠡᠭᠦᠯᠦᠯᠲᠡ ᠶᠢ ᠰᠣᠨᠣᠰᠴᠤ | ᠬᠢᠨᠠᠨ ᠵᠦᠪᠯᠡᠪᠡ︔ ︽2019 ᠣᠨ ᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ | ᠬᠦᠢᠴᠡᠳᠬᠡᠯ ᠢ ᠵᠥᠪᠰᠢᠶᠡᠷᠡᠬᠦ ᠲᠤᠬᠠᠶ ᠦᠬᠠᠶ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ︾ ︽2020 ᠣᠨ ᠤ | ᠬᠤᠲᠠ ᠶᠢᠨ ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢᠨ ᠲᠦᠰᠦᠯ ᠢ ᠵᠥᠪᠰᠢᠶᠡᠷᠡᠬᠦ ᠲᠤᠬᠠᠶ ᠦᠬᠠᠶ | ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠢᠢᠳᠪᠦᠷᠢ︾ ᠶᠢ ᠪᠠᠲᠤᠯᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠸᠠᠩ ᠵᠤᠤ | ᠱᠧᠩ᠂ ᠳᠡᠳ᠋ ᠬᠤᠲᠠ ᠶᠢᠨ ᠳᠠᠷᠤᠭ᠎ᠠ ᠯᠢ ᠴᠦᠨ ᠰᠢᠶᠣᠤ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶᠠᠨ ᠤ ᠳᠠᠷᠤᠭ᠎ᠠ ᠹᠠᠨ ᠴᠢᠶᠣᠤ ᠯᠠᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ | ᠳᠠᠷᠤᠭ᠎ᠠ ᠲᠢᠶᠠᠨ ᠴᠧᠩ ᠵᠢᠶᠦ᠋ᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠢᠨᠠᠨ | ᠪᠠᠶᠢᠴᠠᠭᠠᠬᠤ ᠵᠥᠪᠯᠡᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠬᠥᠮᠦᠰ ᠬᠤᠷᠠᠯ ᠳᠤ ᠰᠤᠯᠠ | ᠣᠷᠣᠯᠴᠠᠵᠠᠢ᠃ |