ᠮᠠᠨ ᠤ ᠬᠤᠲᠠ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠤ ᠢᠯᠠᠯᠲᠠ ᠶᠢ ᠣᠯᠬᠤ ᠳᠤ ᠪᠢ ᠲᠡᠮᠡᠴᠡᠶ᠎ᠡ︾ ᠬᠡᠬᠦ ᠠᠵᠢᠯᠲᠠᠨ ᠤ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2020/8/25
     8 ᠰᠠᠷ᠎ᠠ ᠶᠢᠨ 21 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠦᠬᠠᠶ ᠶᠢᠨ ᠡᠨᠧᠷᠭᠢ ᠶᠢᠨ ᠺᠣᠮᠫᠠᠨᠢ ᠬᠠᠮᠲᠤᠷᠠᠨ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠤ ᠢᠯᠠᠯᠲᠠ ᠶᠢ ᠣᠯᠬᠤ ᠳᠤ ᠪᠢ ᠲᠡᠮᠡᠴᠡᠶ᠎ᠡ︾ ᠭᠡᠬᠦ ᠪᠥᠬᠦ ᠬᠤᠲᠠ ᠶᠢᠨ ᠠᠵᠢᠯᠲᠠᠨ ᠤ ᠮᠡᠳᠡᠯᠭᠡ ᠶᠢᠨ ᠤᠷᠤᠯᠳᠤᠭᠠᠨ ᠢ ᠡᠷᠭᠢᠯᠡᠵᠦ᠂ ᠨᠡᠶᠢᠲᠡ 17 ᠲᠥᠯᠥᠭᠡᠯᠡᠭᠴᠢ ᠶᠢᠨ ᠠᠩᠭᠢ ᠤᠷᠤᠯᠳᠤᠭᠠᠨ ᠳᠤ ᠤᠷᠤᠯᠴᠠᠪᠠ᠃      ᠲᠣᠰ ᠤᠳᠠᠭᠠᠨ ᠤ ᠤᠷᠤᠯᠳᠤᠭᠠᠨ ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠠᠶᠤᠯ ᠲᠦᠭᠰᠢᠬᠦᠷᠢᠲᠤ ᠰᠡᠳᠦᠪ ᠬᠡᠬᠦ ᠭᠤᠷᠪᠠᠨ ᠡᠭᠡᠯᠵᠢ ᠪᠠᠷ ᠲᠠᠮᠵᠢᠨ ᠣᠯᠤᠭᠰᠠᠨ ᠬᠤᠪᠢ ᠪᠠᠷ ᠤᠷᠤᠯᠳᠤᠭᠠᠨ ᠤ ᠨᠡᠷᠡᠰ ᠤᠨ ᠳᠠᠷᠠᠭᠠᠯᠠᠯ ᠢ ᠲᠤᠭᠳᠠᠭᠠᠪᠠ᠃ ᠲᠤᠰ ᠤᠳᠠᠭᠠᠨ ᠤ ᠤᠷᠤᠯᠳᠤᠭᠠᠨ ᠨᠢ ᠪᠦᠬᠦ ᠬᠤᠲᠠ ᠶᠢᠨ ᠺᠠᠳ᠋ᠷ ᠠᠵᠢᠯᠲᠠᠨ ᠤ ᠰᠤᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠭᠰᠠᠨ ᠢᠶᠠᠷ ᠪᠠᠷᠠᠬᠤ ᠦᠭᠡᠢ᠂ ᠰᠤᠷᠤᠯᠴᠠᠯᠭ᠎ᠠ ᠶᠢ ᠡᠳᠦᠷ ᠲᠤᠲᠤᠮ ᠤᠨ ᠠᠵᠢᠯ ᠳᠤ ᠠᠭᠤᠰᠬᠠᠨ ᠣᠷᠣᠭᠤᠯᠵᠤ᠂ ᠬᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠤᠯᠭᠠᠭᠰᠠᠨ ᠮᠥᠷᠲᠡᠭᠡᠨ ᠺᠠᠳ᠋ᠷ ᠠᠵᠢᠯᠲᠠᠨ ᠤ ᠣᠨᠣᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号