ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2020 ᠣᠨ ᠤ | 3 ᠰᠠᠷ᠎ᠠ ᠶᠢᠨ 23 ᠤ ᠡᠳᠦᠷ ᠠᠴᠠ 6 ᠰᠠᠷ᠎ᠠ ᠶᠢᠨ 10 ᠤ ᠡᠳᠦᠷ ᠪᠣᠯᠲᠠᠯ᠎ᠠ᠂ ᠳᠣᠯᠣᠳᠤᠭᠠᠷ ᠬᠤᠭᠤᠴᠠᠭᠠᠨ ᠤ | ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠤᠭᠤᠶᠢᠯᠠᠩ | ᠭᠤᠷᠪᠠᠨ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠡᠨᠧᠷᠭᠢ ᠶᠢᠨ | ᠰᠤᠷᠪᠤᠯᠵᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠶ ᠣᠷᠴᠢᠨ ᠲᠤᠭᠤᠷᠢᠨ ᠤ | ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 18 ᠲᠤᠭᠤᠷᠢᠭ | ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠲᠤᠰᠬᠠᠶ ᠴᠠᠭᠳᠠᠨ | ᠪᠠᠶᠢᠴᠠᠭᠠᠯᠲᠠ ᠥᠷᠨᠢᠭᠦᠯᠪᠡ︔ 3 ᠰᠠᠷ᠎ᠠ ᠶᠢᠨ 23 ᠠᠴᠠ 5 ᠰᠠᠷ᠎ᠠ ᠶᠢᠨ 28 ᠤ ᠡᠳᠦᠷ ᠪᠣᠯᠲᠠᠯ᠎ᠠ᠂ ᠬᠤᠲᠠ ᠶᠢᠨ | ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠡᠷᠭᠡ 6 ᠰᠠᠯᠠᠭ᠎ᠠ ᠮᠥᠴᠢᠷ ︵ᠨᠢᠭᠡᠴᠡ︶ | ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠡᠩ ᠤᠨ ᠴᠠᠭᠳᠠᠨ ᠪᠠᠶᠢᠴᠠᠭᠠᠯᠲᠠ ᠥᠷᠨᠢᠭᠦᠯᠵᠦ᠂ ᠬᠤᠲᠠ ᠶᠢᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠤᠳᠠ ᠲᠣᠭᠤᠷᠢᠭ ᠤᠨ ᠠᠷᠠᠳ ᠤᠨ ᠠᠭᠠᠷ ᠤᠨ | ᠰᠡᠷᠭᠡᠶᠢᠯᠡᠯᠳᠡ ᠶᠢᠨ ᠠᠯᠪᠠᠨ ᠭᠡᠷ ᠪᠠ ᠬᠠᠶᠢᠨᠠᠨ ᠲᠤᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠭᠡᠷ ᠲᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠲᠤᠰᠬᠠᠢ ᠴᠠᠭᠳᠠᠨ ᠪᠠᠶᠢᠴᠠᠭᠠᠯᠲᠠ ᠥᠷᠨᠢᠭᠦᠯᠪᠡ | ᠃ ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠴᠠᠭᠳᠠᠨ | ᠪᠠᠶᠢᠴᠠᠭᠠᠭᠳᠠᠭᠰᠠᠨ 27 ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ | ᠲᠤᠰᠬᠠᠪᠠ᠃ | ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠲᠤᠬᠢᠷᠠᠭᠤᠯᠤᠯᠳᠠ ᠶᠣᠰᠣᠭᠠᠷ᠂ ᠬᠠᠷᠢᠭᠤ ᠲᠤᠰᠬᠠᠬᠤ ᠳᠤ ᠣᠷᠣᠯᠴᠠᠭᠰᠠᠨ ᠴᠠᠭᠳᠠᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠤᠰ ᠲᠤᠰ ᠴᠠᠭᠳᠠᠨ ᠪᠠᠶᠢᠴᠠᠭᠠᠭᠳᠠᠭᠰᠠᠨ ᠨᠠᠮ ᠤᠨ ᠵᠣᠬᠢᠶᠠᠨ | ᠪᠠᠶᠢᠭᠤᠯᠤᠯᠲᠠ ᠶᠢᠨ 27 ᠭᠤᠣᠯ ᠬᠠᠷᠢᠭᠤᠴᠠᠯᠭᠠᠳᠠᠨ ᠳᠤ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ | ᠵᠢᠶᠦ᠋ᠨ ᠨᠥᠬᠦᠷ ᠤᠨ ᠴᠠᠭᠳᠠᠨ ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠪᠠ᠃ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠲᠠᠨ ᠪᠠ | ᠤᠳᠤᠷᠢᠳᠬᠤ ᠪᠠᠭ ᠲᠤ ᠴᠠᠭᠳᠠᠨ ᠪᠠᠶᠢᠴᠠᠭᠠᠭᠰᠠᠨ ᠰᠠᠨᠠᠯ ᠢᠶᠠᠨ ᠲᠤᠰ ᠲᠤᠰ ᠬᠠᠷᠢᠭᠤ ᠲᠤᠰᠬᠠᠪᠠ᠃ ᠴᠠᠭᠳᠠᠨ | ᠪᠠᠶᠢᠴᠠᠭᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠤᠳᠤ ᠳᠣᠯᠣᠳᠤᠭᠠᠷ ᠬᠤᠭᠤᠴᠠᠭᠠᠨ ᠤ | ᠬᠤᠳᠠ ᠶᠢᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ | ᠨᠡᠶᠢᠭᠡᠮ ᠳᠤ ᠢᠯᠡ ᠪᠣᠯᠭᠠᠵᠤ᠂ ᠨᠠᠮ ᠤᠨ ᠭᠡᠰᠢᠭᠦᠨ ᠤᠯᠠᠨ ᠲᠦᠮᠡᠨ ᠤ ᠬᠢᠨᠠᠯᠲᠠ ᠶᠢ ᠭᠦᠯᠢᠶᠡᠵᠦ ᠪᠠᠶᠢᠨ᠎ᠠ᠃ | ᠨᠢᠭᠡ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠠᠭᠳᠠᠨ ᠪᠠᠶᠢᠴᠠᠭᠠᠬᠤ | ᠳᠤᠭᠤᠶᠢᠯᠠᠩ ᠤᠨ ᠴᠠᠭᠳᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠪᠠ ᠺᠠᠳ᠋ᠷ ᠤᠯᠠᠨ ᠲᠦᠮᠡᠨ ᠤ ᠲᠤᠰᠬᠠᠭᠰᠠᠨ | ᠵᠠᠷᠢᠮ ᠭᠤᠤᠯ ᠠᠰᠠᠭᠤᠳᠠᠯ | ᠬᠠᠶᠢᠷᠤᠪ ᠤᠨ ᠲᠣᠬᠤᠢ ᠲᠤᠭᠤᠷᠢᠭ ᠤᠨ ᠨᠡᠭᠦᠷᠡᠰᠦᠨ ᠳᠤ ᠬᠤᠯᠪᠣᠭᠳᠠᠭᠰᠠᠨ 6 ᠭᠤᠤᠯᠳᠠᠯᠭ᠎ᠠ ᠲᠠᠢ ᠰᠠᠯᠠᠭ᠎ᠠ | ᠮᠥᠴᠢᠷ ᠲᠤ ᠭᠤᠤᠯᠳᠠᠭᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ | ᠲᠦᠷᠢᠮ ᠲᠦᠷᠢᠮ ᠲᠣᠭᠲᠠᠭᠠᠯ ᠢ ᠬᠡᠷᠡᠭᠵᠢᠭᠦᠯᠬᠦ ᠵᠥᠷᠢᠶ᠎ᠡ ᠣᠷᠣᠰᠢᠵᠤ ᠪᠠᠶᠢᠨ᠎ᠠ᠂ ᠨᠡᠭᠦᠷᠡᠰᠦᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠬᠠᠮᠢᠶᠠᠷᠤᠯᠲᠠ᠂ ᠨᠡᠭᠡᠭᠡᠨ ᠠᠰᠢᠭᠯᠠᠯᠲᠠ᠂ ᠬᠤᠪᠢᠷᠠᠭᠤᠯᠤᠨ ᠥᠷᠲᠡᠭ ᠨᠡᠮᠡᠭᠳᠡᠭᠦᠯᠬᠦ ᠵᠡᠷᠭᠡ | ᠴᠢᠬᠤᠯᠠ ᠶᠡᠭᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠤᠭᠰᠠᠨ ᠥᠬᠡᠶ︔ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠣᠭᠲᠠᠭᠠᠯ ᠢ ᠬᠡᠷᠡᠭᠵᠢᠬᠦᠯᠦᠭᠰᠡᠨ ᠨᠢ | ᠬᠦᠢᠴᠡᠳ ᠪᠤᠰᠣ᠂ ᠡᠪᠯᠡᠭᠦᠯᠦᠭᠰᠡᠨ ᠪᠠᠶᠢᠳᠠᠯ ᠣᠷᠣᠰᠢᠵᠦ᠂ ᠰᠦᠢᠳᠭᠡᠯ ᠲᠤᠰᠢᠶᠠᠭᠰᠠᠨ ᠦᠭᠡᠢ ᠪᠤᠶᠤ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠶᠢᠨ ᠪᠠᠲᠤᠯᠠᠭ᠎ᠠ ᠶᠢᠨ ᠮᠥᠩᠭᠦ ᠶᠢ ᠲᠣᠭᠲᠠᠭᠠᠯ ᠠᠴᠠ ᠵᠥᠷᠢᠴᠡᠨ | ᠪᠤᠴᠠᠭᠠᠪᠠ︔ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ | ᠭᠦᠢᠴᠡᠳᠬᠡᠭᠰᠡᠨ ᠦᠭᠡᠢ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠦᠭᠡᠢ᠂ | ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠭᠦᠢᠴᠡᠳᠬᠡᠬᠦ ᠲᠠᠯ᠎ᠠ ᠪᠠᠷ ᠴᠢᠩᠭ᠎ᠠ ᠨᠢᠮᠪᠠᠶ ᠪᠢᠰᠢ᠂ ︽ᠲᠣᠷᠭᠠᠭᠤᠯᠢ ᠪᠠᠷ | ᠬᠠᠮᠢᠶᠠᠷᠬᠤ ᠶᠢ ᠣᠷᠣᠯᠠᠭᠤᠯᠬᠤ︾ ᠦᠵᠡᠭᠳᠡᠯ ᠣᠷᠣᠰᠢᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ | ᠬᠦᠢᠴᠡᠳᠬᠡᠬᠦ ᠳᠤ ᠵᠥᠷᠢᠶ᠎ᠡ ᠲᠠᠢ ᠪᠠᠶᠢᠵᠤ᠂ ᠵᠠᠭᠠᠭ ᠳᠠᠪᠠᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠨᠡᠭᠡᠭᠡᠨ ᠮᠠᠯᠲᠠᠵᠤ ᠡᠵᠡᠯᠡᠨ ᠠᠪᠤᠭᠰᠠᠨ ᠦᠢᠯᠡ ᠠᠵᠢᠯᠯᠠᠭ᠎ᠠ ᠳᠤ ᠤᠷᠲᠤ ᠬᠤᠭᠤᠴᠠᠭ᠎ᠠ ᠪᠠᠷ ᠠᠷᠭ᠎ᠠ ᠬᠡᠮᠵᠢᠶ᠎ᠡ | ᠠᠪᠤᠭᠰᠠᠨ ᠦᠭᠡᠢ︔ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠦ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠳᠡᠯᠭᠡᠷᠡᠭᠦᠯᠬᠦ ᠦᠢᠯᠡ ᠠᠵᠢᠯᠯᠠᠭ᠎ᠠ ᠳᠤ ᠮᠢᠨᠴᠦᠭᠦᠷᠡᠨ ᠠᠯᠮᠠᠶᠢᠳᠠᠪᠠ᠃ | ᠤᠳᠠ ᠲᠣᠭᠤᠷᠢᠭ ᠤᠨ ᠨᠡᠬᠦᠷᠡᠰᠦᠨ ᠳᠤ ᠬᠤᠯᠪᠤᠭᠳᠠᠭᠰᠠᠨ 6 ᠭᠤᠣᠯᠳᠠᠯᠭ᠎ᠠ ᠲᠠᠢ ᠰᠠᠯᠠᠭ᠎ᠠ ᠮᠥᠴᠢᠷ ᠲᠤ | ᠭᠤᠣᠯᠳᠠᠭᠤ ᠲᠥᠷᠥ ᠶᠢᠨ ᠪᠣᠳᠣᠯᠭ᠎ᠠ ᠬᠠᠤᠯᠢ ᠲᠦᠷᠢᠮ ᠲᠦᠷᠢᠮ ᠲᠣᠭᠲᠠᠭᠠᠯ ᠢ ᠬᠡᠷᠡᠭᠵᠢᠬᠦᠯᠦᠭᠰᠡᠨ ᠨᠢ ᠬᠦᠢᠴᠡᠳ | ᠪᠤᠰᠣ᠂ ᠨᠡᠭᠦᠷᠡᠰᠦᠨ ᠤ ᠡᠬᠢ ᠪᠠᠶᠠᠯᠢᠭ ᠢ ᠲᠣᠬᠢᠷᠠᠭᠤᠯᠬᠤ ᠲᠥᠷᠥ ᠶᠢᠨ ᠪᠣᠳᠣᠯᠭ᠎ᠠ ᠪᠠ ᠨᠡᠭᠡᠭᠡᠨ ᠠᠰᠢᠭᠯᠠᠬᠤ | ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠭᠰᠠᠨ ᠨᠢ ᠵᠥᠷᠢᠶ᠎ᠡ ᠲᠠᠢ︔ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ | ᠬᠠᠰᠢ ᠶᠠᠰᠢ ᠬᠠᠨᠳᠤᠵᠤ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠪᠠ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠭᠠᠶ ᠭᠠᠮᠰᠢᠭ ᠢ ᠵᠠᠰᠠᠬᠤ ᠳᠤ ︽ᠮᠠᠯᠲᠠᠬᠤ ᠶᠢ ᠴᠢᠬᠤᠯᠠᠴᠢᠯᠠᠭᠠᠳ ᠵᠠᠰᠠᠬᠤ ᠶᠢ ᠬᠥᠩᠭᠡᠪᠴᠢᠯᠡᠬᠦ︾᠂ | ᠭᠠᠯ ᠤᠨᠲᠠᠷᠠᠭᠠᠬᠤ ᠢᠨᠵᠧᠨᠧᠷᠢᠩ ᠤᠨ ᠨᠡᠷ᠎ᠡ ᠪᠠᠷ ᠡᠬᠢ ᠪᠠᠶᠠᠯᠢᠭ ᠮᠠᠯᠲᠠᠬᠤ᠂ ᠬᠠᠭᠤᠷᠮᠠᠭ ᠪᠠᠯᠠ ᠣᠷᠣᠭᠤᠯᠤᠯᠲᠠ ᠪᠠᠷ | ︽ᠬᠤᠷᠮᠤᠰᠳᠠ ᠶᠢᠨ ᠨᠢᠲᠤ ᠶᠢ ᠴᠠᠭᠠᠰᠣ ᠪᠠᠷ ᠬᠠᠭᠤᠷᠬᠤ︾᠂ ᠰᠣᠬᠤᠷ ᠪᠠᠯᠠᠶ ᠪᠠᠷ ᠥᠷᠭᠡᠳᠬᠡᠬᠦ ᠵᠡᠷᠭᠡ ᠠᠰᠠᠭᠤᠳᠠᠯ | ᠪᠠᠶᠢᠨ ᠪᠠᠶᠢᠨ ᠣᠷᠣᠰᠢᠵᠦ ᠪᠠᠶᠢᠨ᠎ᠠ︔ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠬᠡᠬᠦ ᠳᠤ ᠵᠥᠷᠢᠶ᠎ᠡ ᠲᠠᠢ᠂ | ︽ᠲᠣᠷᠭᠠᠭᠤᠯᠢ ᠪᠠᠷ ᠬᠠᠮᠢᠶᠠᠷᠬᠤ ᠶᠢ ᠣᠷᠣᠯᠠᠭᠤᠯᠬᠤ︾ ᠠᠰᠠᠭᠤᠳᠠᠯ ᠲᠤᠪᠤᠶᠢᠮ᠎ᠠ ᠪᠠᠶᠢᠨ᠎ᠠ︔ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠣᠭᠲᠠᠭᠠᠯ ᠢ ᠬᠡᠷᠡᠭᠵᠢᠬᠦᠯᠦᠭᠰᠡᠨ ᠨᠢ | ᠬᠦᠢᠴᠡᠳ ᠪᠤᠰᠣ᠂ ᠳᠤᠲᠠᠭᠤ ᠲᠤᠷᠭᠤᠨ ᠲᠤᠰᠢᠶᠠᠭᠰᠠᠨ᠂ ᠲᠤᠰᠬᠠᠶ ᠪᠡᠯᠡ ᠮᠥᠩᠭᠦ ᠶᠢ ᠦᠯᠡᠳᠡᠬᠡᠵᠦ ᠨᠡᠬᠦᠯᠭᠡᠨ | ᠬᠡᠷᠡᠭᠯᠡᠭᠰᠡᠨ᠂ ᠪᠠᠲᠤᠯᠠᠭ᠎ᠠ ᠶᠢᠨ ᠮᠥᠩᠭᠦ ᠶᠢ ᠲᠣᠭᠲᠠᠭᠠᠯ ᠢ ᠵᠥᠷᠢᠴᠡᠨ ᠪᠤᠴᠠᠭᠠᠭᠰᠠᠨ ᠠᠰᠠᠭᠤᠳᠠᠯ ᠪᠠᠭ᠎ᠠ ᠪᠣᠰᠣ | ᠣᠷᠣᠰᠢᠵᠦ ᠪᠠᠶᠢᠨ᠎ᠠ︔ ᠲᠤᠭᠤᠷᠢᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠡᠯ᠎ᠡ ᠲᠥᠷᠥᠯ ᠤᠨ ᠲᠤᠰᠬᠠᠢ | ᠲᠥᠷᠥᠯ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠦᠭᠡᠢ᠃ | ᠬᠠᠶᠢᠨᠠᠨ ᠲᠣᠭᠤᠷᠢᠭ ᠤᠨ ᠨᠡᠬᠦᠷᠡᠰᠦᠨ ᠳᠤ ᠬᠤᠯᠪᠣᠭᠳᠠᠭᠰᠠᠨ 6 ᠰᠠᠯᠠᠭ᠎ᠠ ᠮᠥᠴᠢᠷ ᠭᠤᠤᠯᠳᠠᠭᠤ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠬᠠᠶ ᠲᠠᠨᠢᠯᠲᠠ ᠬᠦᠷᠦᠯᠴᠡᠬᠦ ᠦᠭᠡᠶ᠂ ᠤᠯᠤᠰ | ᠲᠦᠷᠦ ᠶᠢᠨ ᠵᠣᠭᠰᠣᠴᠠ ᠥᠨᠳᠥᠷ ᠪᠤᠰᠣ᠂ ᠠᠰᠠᠭᠤᠳᠠᠯ ᠢ ᠵᠠᠬ᠎ᠠ ᠲᠠᠷᠠᠭᠠᠯᠠᠨ ᠪᠠᠶᠢᠴᠠᠭᠠᠭᠰᠠᠨ ᠡᠷᠴᠢᠮ ᠬᠦᠷᠦᠯᠴᠡᠬᠦ | ᠦᠭᠡᠢ︔ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠷᠬᠡ ᠶᠢᠨ ᠬᠠᠷᠢᠶᠠᠯᠠᠯ ᠢ ᠰᠢᠯᠵᠢᠭᠦᠯᠦᠨ ᠥᠭᠬᠦ᠂ | ᠭᠠᠵᠠᠷ ᠰᠢᠷᠣᠶ ᠬᠡᠷᠡᠭᠯᠡᠬᠦ ᠵᠡᠷᠭᠡ ᠴᠢᠬᠤᠯᠠ ᠶᠡᠭᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ | ᠦᠭᠡᠢ︔ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠣᠭᠲᠠᠭᠠᠯ ᠢ | ᠬᠡᠷᠡᠭᠵᠢᠬᠦᠯᠦᠭᠰᠡᠨ ᠨᠢ ᠬᠦᠢᠴᠡᠳ ᠪᠤᠰᠣ᠂ ᠳᠤᠲᠠᠭᠤ ᠲᠤᠷᠭᠤᠨ ᠲᠤᠰᠢᠶᠠᠭᠰᠠᠨ᠂ ᠲᠤᠰᠬᠠᠶ ᠵᠦᠢᠯ ᠤᠨ ᠪᠡᠯᠡ | ᠮᠥᠩᠭᠦ ᠶᠢ ᠨᠡᠭᠦᠯᠭᠡᠨ ᠬᠡᠷᠡᠭᠯᠡᠭᠰᠡᠨ ᠠᠰᠠᠭᠤᠳᠠᠯ ᠪᠠᠭ᠎ᠠ ᠪᠤᠰᠣ ᠣᠷᠣᠰᠢᠵᠦ ᠪᠠᠶᠢᠨ᠎ᠠ︔ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠠᠰ ᠳᠠᠷᠠᠭᠠᠯᠠᠯ ᠨᠢ ᠵᠢᠷᠤᠮᠵᠢᠯ ᠥᠬᠡᠶ᠂ ᠰᠢᠳᠬᠡᠯ ᠲᠣᠷᠭᠠᠭᠤᠯᠢ ᠨᠢ ᠣᠨᠣᠪᠴᠢ ᠥᠬᠡᠶ᠂ | ᠬᠡᠷᠡᠭᠵᠢᠭᠦᠯᠦᠭᠰᠡᠨ ᠨᠢ ᠬᠦᠢᠴᠡᠳ ᠥᠬᠡᠶ᠂ ᠵᠣᠭᠤᠰ ᠢᠶᠠᠷ ᠲᠣᠷᠭᠠᠬᠤ ᠶᠢ ︽ᠨᠢᠭᠡ ᠯᠡ ᠪᠠᠷᠢᠮᠵᠢᠶ᠎ᠡ ᠪᠠᠷ ᠱᠠᠭᠠᠷᠳᠠᠬᠤ︾ | ᠦᠵᠡᠭᠳᠡᠯ ᠪᠠᠭ᠎ᠠ ᠪᠤᠰᠣ ᠣᠷᠣᠰᠢᠵᠦ ᠪᠠᠶᠢᠨ᠎ᠠ︔ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ | ᠬᠠᠷᠢᠭᠤᠴᠠᠯᠭ᠎ᠠ ᠪᠠᠨ ᠲᠦᠯᠬᠢᠵᠦ᠂ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ | ᠡᠮᠦᠨ᠎ᠡ ᠡᠭᠦᠳᠡ ᠶᠢ ᠪᠥᠭᠯᠡᠵᠦ᠂ ᠠᠷᠤ ᠡᠭᠦᠳᠡ ᠨᠡᠭᠡᠭᠡᠭᠰᠡᠨ ᠦᠵᠡᠭᠳᠡᠯ ᠣᠷᠣᠰᠢᠵᠦ ᠪᠠᠶᠢᠨ᠎ᠠ︔ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠲᠠᠯ᠎ᠠ ᠪᠠᠷ ᠬᠠᠰᠢ ᠶᠠᠰᠢ ᠪᠠᠷ ᠥᠩᠭᠡᠷᠡᠵᠦ᠂ ᠠᠵᠢᠯ ᠤᠨ ᠬᠠᠷᠢᠭᠤᠴᠠᠯᠭ᠎ᠠ | ᠪᠠᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠴᠢᠩᠭ᠎ᠠ ᠨᠢᠮᠪᠠᠶ ᠪᠤᠰᠣ᠃ | ᠬᠤᠶᠠᠷ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠠᠶᠢᠩᠭᠤ ᠶᠢᠨ ᠴᠠᠭᠳᠠᠨ ᠪᠠᠶᠢᠴᠠᠭᠠᠬᠤ ᠳᠤᠮᠳᠠ ᠣᠯᠵᠤ | ᠮᠡᠳᠡᠭᠰᠡᠨ ᠪᠠ ᠺᠠᠳ᠋ᠷ ᠤᠯᠠᠨ ᠲᠦᠮᠡᠨ ᠤ ᠲᠤᠰᠬᠠᠭᠰᠠᠨ ᠵᠠᠷᠢᠮ ᠭᠤᠤᠯ ᠠᠰᠠᠭᠤᠳᠠᠯ | ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠤᠯᠤᠰ ᠲᠥᠷᠥ | ᠶᠢᠨ ᠣᠨᠣᠯ ᠤᠨ ᠰᠣᠷᠣᠯᠴᠠᠯᠭ᠎ᠠ ᠶᠢ ᠪᠣᠳᠠᠲᠠᠶ ᠲᠠᠢ ᠤᠶᠠᠯᠳᠤᠭᠤᠯᠤᠨ ᠠᠭᠤᠰᠤᠯᠴᠠᠭᠤᠯᠤᠨ ᠨᠡᠪᠲᠡᠷᠡᠯᠴᠡᠭᠰᠡᠨ ᠢᠶᠠᠷ | ᠬᠦᠷᠦᠯᠴᠡᠬᠦ ᠥᠬᠡᠶ︔ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠲᠦᠷᠦᠭᠦᠯᠡᠨ ᠠᠳᠬᠤᠬᠤ ᠶᠡᠷᠦᠩᠬᠡᠶ ᠦᠢᠯᠡᠳᠦᠯ | ᠢᠶᠠᠨ ᠬᠦᠢᠴᠡᠳ ᠪᠠᠳᠠᠷᠠᠭᠤᠯᠤᠭᠰᠠᠨ ᠥᠬᠡᠶ︔ ᠠᠰᠠᠭᠤᠳᠠᠯ ᠳᠤ ᠴᠢᠭᠯᠡᠭᠦᠯᠦᠨ ᠪᠣᠳᠠᠲᠠᠶ ᠭᠠᠵᠠᠷ ᠲᠤᠨᠢ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠰᠣᠷᠪᠣᠯᠵᠢᠯᠠᠭ᠎ᠠ ᠬᠢᠭᠰᠡᠨ ᠨᠢ ᠴᠥᠭᠡᠨ︔ ︽ᠭᠤᠷᠪᠠᠨ ᠬᠤᠷᠠᠯ ᠨᠢᠭᠡ ᠬᠢᠴᠢᠶᠡᠯ︾ ᠤᠨ | ᠲᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ︔ ᠣᠨᠴᠠ ᠵᠠᠷᠢᠮ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ | ᠪᠢᠴᠢᠭ ᠬᠠᠷ᠎ᠠ ᠪᠠ ᠲᠡᠰ ᠲᠠᠷᠠᠭᠠᠯᠠᠯ ᠨᠢ ᠵᠢᠷᠤᠮᠵᠢ ᠦᠭᠡᠢ︔ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ︽ᠬᠤᠶᠠᠷ | ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠴᠢᠬᠤᠯᠠᠲᠠᠶ᠃ | ᠬᠤᠲᠠ ᠶᠢᠨ ᠨᠠᠮ ᠤᠨ ᠬᠤᠷᠢᠶᠠᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠤᠯᠤᠰ ᠲᠥᠷᠥ ᠶᠢᠨ | ᠣᠨᠣᠯ ᠰᠤᠷᠤᠯᠴᠠᠬᠤ ᠰᠢᠰᠲ᠋ᠧᠮᠲᠦ ᠴᠢᠨᠠᠷ ᠢᠶᠠᠷ ᠬᠦᠷᠦᠯᠴᠡᠬᠦ ᠥᠬᠡᠶ︔ ᠤᠯᠤᠰ ᠲᠥᠷᠦ ᠶᠢᠨ ᠰᠤᠳᠤᠯᠭᠠᠨ ᠤ ᠠᠵᠢᠯ | ᠪᠠ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ | ᠬᠢᠭᠰᠡᠨ ᠨᠢ ᠭᠦᠢᠴᠡᠳ ᠦᠭᠡᠢ︔ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠠᠰᠠᠭᠤᠭᠰᠠᠨ ᠲᠠᠯ᠎ᠠ ᠪᠠᠷ | ᠬᠦᠷᠦᠯᠴᠡᠬᠦ ᠥᠬᠡᠶ︔ ᠰᠡᠳᠬᠢᠯ ᠤᠨ ᠦᠭᠡ ᠪᠠᠨ ᠶᠠᠷᠢᠯᠴᠠᠬᠤ ᠶᠠᠷᠢᠯᠴᠠᠭ᠎ᠠ ᠦᠷᠨᠢᠬᠦᠯᠦᠭᠰᠡᠨ ᠨᠢ ᠭᠦᠢᠴᠡᠳ ᠪᠤᠰᠤ︔ | ᠪᠢᠴᠢᠭ ᠮᠠᠲ᠋ᠧᠷᠢᠶᠠᠯ ᠢᠶᠠᠷ ᠵᠠᠰᠠᠭ ᠢ ᠲᠤᠰᠠᠯᠠᠬᠤ ᠵᠥᠪᠯᠡᠭᠴᠢ ᠲᠤᠰᠠᠯᠠᠭᠴᠢ ᠶᠢᠨ ᠦᠢᠯᠡᠳᠦᠯ ᠢᠶᠠᠨ ᠪᠠᠳᠠᠷᠠᠭᠤᠯᠬᠤ | ᠲᠠᠯ᠎ᠠ ᠪᠠᠷ ᠤᠯᠠᠮ ᠴᠢᠩᠭᠠᠳᠬᠠᠬᠤ ᠴᠢᠬᠤᠯᠠᠲᠠᠶ᠃ | ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ | ᠠᠯᠪᠠᠨ ᠭᠡᠷ ᠲᠤ ᠬᠤᠷᠠᠯ ᠢᠶᠠᠷ ᠬᠤᠷᠠᠯ ᠢ ᠲᠤᠤᠱᠯᠠᠭᠤᠯᠬᠤ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ | ᠨᠠᠶᠢᠳᠠᠪᠤᠷᠢᠵᠢᠭᠤᠯᠬᠤ ᠦᠵᠡᠭᠳᠡᠯ ᠣᠷᠣᠰᠢᠵᠤ ᠪᠠᠶᠢᠨ᠎ᠠ︔ ᠲᠦᠷᠢᠮ ᠲᠣᠭᠲᠠᠭᠠᠯ ᠲᠣᠭᠲᠠᠭᠠᠬᠤ ᠨᠢ ᠲᠣᠰ | ᠨᠢᠭᠡᠴᠡ ᠶᠢᠨ ᠢᠶᠠᠨ ᠪᠣᠳᠠᠲᠤ ᠪᠠᠶᠢᠳᠠᠯ ᠲᠠᠢ ᠨᠡᠶᠢᠴᠡᠬᠦ ᠥᠬᠡᠶ᠂ ᠬᠡᠷᠡᠭᠵᠢᠬᠦᠯᠵᠦ ᠪᠣᠯᠬᠤᠶᠢᠴᠠ ᠴᠢᠨᠠᠷ ᠢᠶᠠᠷ ᠴᠢᠩᠭ᠎ᠠ | ᠪᠢᠰᠢ︔ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠬᠦᠯᠦᠭᠰᠡᠨ ᠦᠭᠡᠢ᠂ ᠡᠳ᠋ ᠤᠨ | ᠶᠠᠪᠤᠳᠠᠯ ᠤᠨ ᠬᠠᠮᠢᠶᠠᠷᠤᠯᠲᠠ ᠵᠢᠷᠤᠮᠵᠢᠯ ᠦᠭᠡᠢ︔ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠪᠣᠳᠠᠲᠠᠶᠢᠵᠢᠭᠤᠯᠤᠭᠰᠠᠨ ᠦᠭᠡᠢ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ | ᠮᠥᠨ ᠯᠡ ︽ᠬᠤᠶᠠᠷ ᠵᠦᠢᠯ︾ ᠤᠨ ᠦᠵᠡᠭᠳᠡᠯ ᠣᠷᠣᠰᠢᠵᠦ ᠪᠠᠶᠢᠨ᠎ᠠ︔ ︽ᠭᠤᠷᠪᠠᠨ ᠬᠤᠷᠠᠯ ᠨᠢᠭᠡ ᠬᠢᠴᠢᠶᠡᠯ︾ | ᠤᠨ ᠲᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ︔ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠢ ᠯᠠᠪᠳᠠᠭᠤᠨ | ᠪᠠᠲᠤᠲᠠᠶ ᠥᠷᠨᠢᠭᠦᠯᠦᠭᠰᠡᠨ ᠦᠭᠡᠢ᠃ | ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠦᠭᠰᠡᠨ ᠥᠬᠡᠶ︔ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ | ᠪᠣᠳᠣᠯᠭ᠎ᠠ ᠶᠢᠨ ᠲᠦᠷᠢᠮ ᠢ ᠬᠡᠷᠡᠭᠵᠢᠭᠦᠯᠦᠭᠰᠡᠨ ᠥᠬᠡᠶ᠂ ᠵᠢᠷᠣᠮᠵᠢᠭᠤᠯᠤᠭᠰᠠᠨ ᠥᠬᠡᠶ︔ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠦᠨᠳᠦᠰᠦᠨ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠱᠠᠯᠠᠪᠳᠠᠭᠤᠯᠤᠨ ᠵᠢᠯᠤᠭᠤᠲᠤᠭᠰᠠᠨ | ᠨᠢ ᠬᠦᠢᠴᠡᠳ ᠪᠤᠰᠣ︔ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠨᠢ ᠴᠥᠭᠡᠨ | ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠢᠪᠠᠳᠠᠭᠰᠠᠨ ᠪᠠ ᠵᠢᠯᠤᠭᠤᠲᠤᠭᠰᠠᠨ | ᠡᠷᠴᠢᠮ ᠪᠠᠰᠠ ᠬᠦᠷᠦᠯᠴᠡᠬᠦ ᠦᠭᠡᠢ︔ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ | ᠬᠡᠷᠡᠭᠵᠢᠬᠦᠯᠦᠭᠰᠡᠨ ᠨᠢ ᠴᠢᠩᠭ᠎ᠠ ᠪᠢᠰᠢ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠷᠤᠮᠵᠢᠯ ᠦᠭᠡᠢ᠃ | ᠬᠤᠲᠠ ᠶᠢᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠤᠪᠴᠢᠶᠠᠨ ᠤ | ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠢᠯᠡᠷᠬᠡᠶ ᠪᠤᠰᠣ︔ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠶᠢᠵᠢᠭᠤᠯᠤᠭᠰᠠᠨ ᠥᠬᠡᠶ︔ ᠭᠤᠷᠪᠠᠨ ᠲᠣᠭᠤᠷᠢᠭ | ᠵᠢᠴᠢ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠥᠷᠨᠢᠭᠦᠯᠦᠭᠰᠡᠨ ᠨᠢᠭᠤᠴᠠ ᠶᠢ ᠬᠠᠮᠠᠭᠠᠯᠠᠬᠤ | ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠬᠦᠢᠴᠡᠳ ᠪᠤᠰᠤ︔ ᠣᠨᠴᠠ ᠵᠠᠷᠢᠮ | ᠳᠣᠲᠣᠭᠠᠳᠤ ᠶᠢᠨ ᠲᠦᠷᠢᠮ ᠢ ᠬᠡᠷᠡᠭᠵᠢᠭᠦᠯᠦᠭᠰᠡᠨ ᠨᠢ ᠬᠦᠷᠦᠯᠴᠡᠬᠦ ᠦᠭᠡᠢ︔ ︽ᠭᠤᠷᠪᠠᠨ ᠬᠤᠷᠠᠯ ᠨᠢᠭᠡ ᠬᠢᠴᠢᠶᠡᠯ︾ | ᠤᠨ ᠲᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ︔ ᠨᠠᠮ ᠤᠨ ᠰᠤᠷᠲᠠᠯ ᠪᠠ ᠴᠢᠬᠡᠴᠢ ᠵᠠᠰᠠᠭ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠴᠢᠬᠤᠯᠠᠲᠠᠶ᠃ | ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠶ | ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠶ ᠠᠯᠢ ᠣᠯᠠᠨ ᠴᠢᠬᠤᠯᠠ ᠵᠢᠭᠠᠪᠤᠷᠢ | ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠥᠬᠡᠶ︔ ︽ᠭᠤᠷᠪᠠᠨ | ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠶᠢᠨ ᠲᠦᠷᠢᠮ ᠢ ᠪᠣᠳᠠᠲᠠᠶ ᠨᠠᠶᠢᠳᠠᠪᠤᠷᠢᠵᠢᠭᠤᠯᠤᠭᠰᠠᠨ ᠥᠬᠡᠶ︔ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠷᠦᠢ ᠪᠠᠭᠤᠷᠠᠶ ᠰᠤᠯᠠ ᠵᠠᠳᠠᠭᠠᠶ᠂ ᠨᠠᠮ ᠤᠨ ᠭᠡᠰᠢᠭᠦᠨ | ᠤ ᠡᠩᠨᠡᠭᠡ ᠶᠢᠨ ᠦᠢᠯᠡᠳᠦᠯ ᠨᠢ ᠢᠯᠡᠷᠬᠡᠶ ᠪᠢᠰᠢ︔ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ︔ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠲᠥᠪ ᠴᠢᠩᠭ᠎ᠠ ᠪᠤᠰᠣ᠂ ᠵᠣᠬᠢᠶᠠᠨ ᠪᠠᠶᠢᠭᠤᠯᠤᠯᠲᠠ ᠶᠢᠨ ᠠᠮᠢᠲᠤᠷᠠᠯ ᠤᠨ ᠬᠤᠷᠠᠯ ᠤᠨ ᠲᠦᠷᠢᠮ ᠢ ᠴᠢᠩᠭ᠎ᠠ | ᠬᠡᠷᠡᠭᠵᠢᠭᠦᠯᠦᠭᠰᠡᠨ ᠦᠭᠡᠢ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠢ ᠬᠡᠷᠡᠭᠵᠢᠭᠦᠯᠦᠭᠰᠡᠨ ᠨᠢ | ᠴᠢᠩᠭ᠎ᠠ ᠪᠤᠰᠣ᠃ | ᠭᠤᠷᠪᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠲᠤᠰᠬᠠᠶ ᠴᠠᠭᠳᠠᠨ ᠪᠠᠶᠢᠴᠠᠭᠠᠬᠤ | ᠳᠤᠭᠤᠶᠢᠯᠠᠩ ᠤᠨ ᠴᠠᠭᠳᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠪᠠ ᠺᠠᠳ᠋ᠷ ᠣᠯᠠᠨ ᠲᠦᠮᠡᠨ ᠤ ᠲᠤᠰᠬᠠᠭᠰᠠᠨ | ᠵᠠᠷᠢᠮ ᠭᠤᠤᠯ ᠠᠰᠠᠭᠤᠳᠠᠯ | ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠤᠳᠠ ᠲᠣᠭᠤᠷᠢᠭ ᠤᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠠᠶᠢᠨᠠᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠯᠪᠠᠨ ᠭᠡᠷ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠬᠡᠬᠦ ᠲᠠᠯ᠎ᠠ ᠪᠠᠷ ᠬᠦᠷᠦᠯᠴᠡᠬᠦ ᠦᠭᠡᠶ᠂ ᠤᠯᠤᠰ | ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠦᠭᠡᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠲᠥᠷᠥᠯ ᠵᠦᠢᠯ ᠳᠤ ᠤᠷᠢᠳᠠᠪᠠᠷ ᠪᠠᠶᠢᠭᠤᠯᠤᠭᠠᠳ ᠰᠡᠬᠦᠯᠡᠷ ᠨᠢ ᠨᠥᠬᠦᠪᠥᠷᠢᠯᠡᠬᠦ ᠦᠵᠡᠭᠳᠡᠯ | ᠣᠷᠣᠰᠢᠵᠤ ᠪᠠᠶᠢᠨ᠎ᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ ᠢ ᠲᠣᠭᠲᠠᠭᠠᠴᠢᠭᠠᠳ | ᠬᠡᠷᠡᠭᠵᠢᠬᠦᠯᠦᠭᠰᠡᠨ ᠦᠭᠡᠢ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ | ᠰᠢᠯᠭᠠᠨ ᠠᠪᠬᠤ ᠲᠦᠷᠢᠮ ᠢ ᠴᠢᠩᠭ᠎ᠠ ᠬᠡᠷᠡᠭᠵᠢᠭᠦᠯᠦᠭᠰᠡᠨ ᠥᠬᠡᠶ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠡᠰᠡᠭ ᠢᠨᠵᠧᠨᠧᠷᠢᠩ ᠢ ︽ᠵᠦᠪᠰᠢᠶᠡᠷᠡᠬᠦ ᠥᠬᠡᠶ ᠪᠠᠶᠢᠭᠤᠯᠬᠤ ᠥᠬᠡᠶ︾ ︽ᠵᠥᠪᠰᠢᠶᠡᠷᠡᠬᠦ ᠠᠴᠠ ᠪᠢᠰᠢ ᠪᠠᠶᠢᠭᠤᠯᠬᠤ | ᠥᠬᠡᠶ︾᠂ ᠰᠢᠯᠭᠠᠨ ᠠᠪᠬᠤ ᠶᠣᠰᠣᠲᠠᠶ ᠪᠠᠶᠢᠲᠠᠯ᠎ᠠ ᠰᠢᠯᠭᠠᠨ ᠠᠪᠤᠭᠰᠠᠨ ᠥᠬᠡᠶ︔ ᠣᠨᠳᠣᠤ ᠭᠠᠵᠠᠷ ᠲᠤ | ᠪᠠᠶᠢᠭᠤᠯᠬᠤ ᠵᠠᠷᠤᠳᠠᠯ ᠢ ᠬᠢᠨᠠᠨ ᠵᠥᠪᠰᠢᠶᠡᠷᠡᠵᠦ ᠬᠤᠷᠢᠶᠠᠨ ᠠᠪᠴᠤ ᠬᠠᠰᠤᠵᠤ ᠬᠡᠯᠲᠦᠷᠢᠬᠦᠯᠦᠨ ᠬᠡᠷᠡᠭᠯᠡᠬᠦ ᠳᠤ | ᠲᠤᠰᠢᠶᠠᠬᠤ ᠶᠣᠰᠣᠲᠠᠶ ᠪᠣᠯᠪᠠᠴᠤ ᠲᠤᠰᠢᠶᠠᠭᠰᠠᠨ ᠦᠭᠡᠢ᠂ ᠨᠡᠬᠡᠮᠵᠢᠯᠡᠨ ᠲᠤᠰᠢᠶᠠᠯᠭᠠᠭᠰᠠᠨ ᠨᠢ ᠬᠦᠴᠦᠨ ᠦᠭᠡᠶ᠂ | ᠬᠤᠯᠪᠤᠭᠳᠠᠯ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠢᠶᠠᠷ ᠬᠦᠷᠦᠯᠴᠡᠬᠦ ᠦᠭᠡᠶ | ᠵᠡᠷᠭᠡ ᠠᠰᠠᠭᠤᠳᠠᠯ ᠣᠷᠣᠰᠢᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠡᠰᠡᠭ ᠢᠨᠵᠧᠨᠧᠷᠢᠩ ᠢ ᠣᠨᠳᠣᠤ | ᠭᠠᠵᠠᠷ ᠲᠤ ᠪᠠᠶᠢᠭᠤᠯᠬᠤ ᠵᠠᠷᠤᠳᠠᠯ ᠢ ︽ᠬᠤᠷᠢᠶᠠᠬᠤ ᠪᠠᠷ ᠪᠠᠷᠢᠯᠭ᠎ᠠ ᠶᠢ ᠣᠷᠣᠯᠠᠭᠤᠯᠬᠤ︾ ︽ᠬᠤᠷᠢᠶᠠᠬᠤ ᠠᠴᠠ ᠪᠢᠰᠢ | ᠪᠠᠶᠢᠭᠤᠯᠬᠤ ᠦᠭᠡᠢ︾︔ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠨᠢ | ᠬᠦᠢᠴᠡᠳ ᠪᠤᠰᠣ᠃ | ᠡᠭᠦᠨ ᠠᠴᠠ ᠭᠠᠳᠠᠨ᠎ᠠ᠂ ᠴᠠᠭᠳᠠᠨ ᠪᠠᠶᠢᠴᠠᠭᠠᠬᠤ ᠶᠠᠪᠤᠴᠠ ᠳᠤ ᠵᠠᠷᠢᠮ ᠤᠳᠤᠷᠢᠳᠬᠤ ᠺᠠᠳ᠋ᠷ ᠢ ᠲᠤᠰᠬᠠᠭᠰᠠᠨ | ᠠᠰᠠᠭᠤᠳᠠᠯ ᠤᠨ ᠰᠦᠪᠡᠭᠴᠢ ᠶᠢ ᠣᠯᠵᠤ ᠮᠡᠳᠡᠭᠰᠡᠨ ᠪᠠ ᠣᠯᠵᠤ ᠠᠪᠤᠭᠰᠠᠨ ᠢ ᠨᠢᠭᠡᠨᠲᠡ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠤᠳᠠ ᠶᠢᠨ ᠰᠠᠭᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ | ᠬᠤᠯᠪᠣᠭᠳᠠᠯ ᠪᠦᠬᠦᠢ ᠲᠠᠯ᠎ᠠ ᠳᠤ ᠰᠢᠯᠵᠢᠬᠦᠯᠦᠨ ᠰᠢᠢᠳᠪᠦᠷᠢᠯᠡᠬᠦᠯᠪᠡ᠃ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶᠠᠨ ᠤ ᠴᠠᠭᠳᠠᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | 2020 ᠣᠨ ᠤ 7 ᠰᠠᠷ᠎ᠠ ᠶᠢᠨ 31 ᠤ ᠡᠳᠦᠷ | |