ᠸᠢᠴᠠᠲ ᠤᠨ ᠬᠤᠯᠪᠣᠭᠠᠨ ᠤ ᠠᠬᠠᠯᠠᠭᠴᠢ ᠨᠠᠷ ᠠᠩᠬᠠᠷᠣᠯ ᠳᠠᠭᠠᠨ ᠠᠪᠣᠭᠠᠷᠠᠢ
ᠨᠡᠶᠢᠲᠡᠯᠡᠭᠰᠡᠨ ᠴᠠᠭ᠄
2020/8/31
     ᠳᠢᠳᠢᠮ ᠬᠡᠯᠪᠡᠷᠢ ᠶᠢᠨ ᠰᠢᠨ᠎ᠡ ᠸᠢᠷᠦ᠋ᠰ ᠲᠤ ᠬᠠᠯᠳᠠᠪᠣᠷᠢᠯᠠᠭᠰᠠᠨ ᠠᠭᠤᠰᠬᠢᠨ ᠤ ᠦᠷᠪᠢᠰᠦᠯ ᠪᠦᠬᠦ ᠣᠯᠣᠰ ᠤᠨ ᠡᠯ᠎ᠡ ᠭᠠᠵᠠᠷ ᠣᠷᠣᠨ ᠳᠤ ᠡᠬᠦᠰᠦᠨ ᠲᠡᠯᠬᠡᠷᠡᠵᠦ ᠪᠠᠶᠢᠭ᠎ᠠ ᠪᠠᠴᠢᠮ ᠴᠠᠭ ᠦᠶ᠎ᠡ ᠳᠤ᠂ ᠨᠢᠬᠡ ᠪᠦᠯᠦᠭ ᠬᠦᠮᠦᠰ ᠠᠶᠣᠵᠦ ᠰᠠᠨᠳᠤᠷᠤᠭᠰᠠᠨ ᠪᠠᠶᠢᠨ᠎ᠠ᠃ ᠡᠶᠢᠮᠦᠷᠬᠦ ᠰᠡᠳᠬᠢᠯᠬᠡ ᠶᠢ ᠲᠠᠭᠠᠯᠳᠣᠨ ᠲᠦᠷᠪᠡᠨ ᠵᠦᠭ ᠨᠠᠢᠮᠠᠨ ᠵᠣᠪᠬᠢᠰ  ᠲᠤ ᠡᠯ᠎ᠡ ᠲᠦᠷᠦᠯ ᠤᠨ ᠴᠣᠣᠷᠬᠠᠯ ᠲᠡᠭᠳᠡᠵᠦ ᠪᠠᠶᠢᠨ᠎ᠠ᠃            ︽ᠲᠠᠪᠣᠰᠣ ᠲᠠᠢ ᠣᠰᠣ ᠪᠠᠷ ᠠᠮᠨ ᠪᠠᠨ ᠵᠠᠶᠢᠯᠪᠠᠯ ᠸᠢᠷᠦ᠋ᠰ ᠢ ᠰᠡᠷᠬᠡᠶᠢᠯᠡᠨ᠎ᠡ︾ ︽ᠬᠡᠳᠦᠨ  ᠲᠠᠪᠬᠤᠷ ᠠᠮᠠᠪᠴᠢ ᠵᠡᠬᠦᠮᠡᠨᠵᠢᠨ ᠰᠠᠶ᠋ᠢ ᠸᠢᠷᠦ᠋ᠰ ᠢ ᠰᠡᠷᠭᠡᠶᠢᠯᠡᠵᠦ ᠴᠢᠳᠠᠨ᠎ᠠ︾ ᠬᠡᠬᠦ ᠮᠡᠳᠣᠴᠢᠯᠡᠨ ᠨᠢᠬᠡ ᠪᠦᠯᠦᠭ ᠬᠦᠮᠦᠰ ︽ᠰᠠᠶᠢᠬᠠᠨ ᠰᠡᠳᠬᠢᠯ︾ ᠢᠶᠠᠷ ᠸᠢᠴᠠᠲ ᠤᠨ ᠬᠤᠯᠪᠣᠭ᠎ᠠ᠂ QQ ᠬᠤᠯᠪᠣᠭᠠᠨ ᠳᠤ ᠬᠥᠮᠥᠰ ᠲᠤ ᠰᠠᠨᠠᠭᠤᠯᠵᠤ ᠪᠠᠶᠢᠭ᠎ᠠ ᠪᠣᠯᠪᠠᠴᠣ ᠡᠳᠡᠭᠡᠷ ᠨᠢ ᠦᠨᠡᠨᠳᠡᠬᠡᠨ ᠴᠣᠣᠷᠬᠠᠯ ᠲᠡᠭᠳᠡᠭᠡᠭᠰᠡᠨ ᠶᠠᠪᠣᠳᠠᠯ ᠪᠣᠯᠵᠦ ᠬᠤᠪᠢᠷᠠᠵᠦ ᠪᠠᠶᠢᠨ᠎ᠠ᠃ ᠢᠨᠲ᠋ᠧᠷ ᠰᠦᠯᠵᠢᠶ᠎ᠠ ᠬᠥᠭᠵᠢᠭᠰᠡᠨ ᠢᠶᠠᠷ ᠣᠯᠠᠨ ᠵᠣᠶᠢᠯ ᠤᠨ ᠴᠣᠣᠷᠬᠠᠯ ᠰᠠᠴᠤᠵᠤ ᠲᠠᠷᠬᠠᠬᠤ ᠳᠤ ᠨᠡᠩ ᠳᠥᠭᠦᠮ ᠪᠣᠯᠵᠤ᠂ ᠵᠠᠷᠢᠮ ᠴᠤᠤᠷᠬᠠᠯ ᠨᠢ ᠦᠨᠡᠨ ᠪᠣᠳᠠᠲᠠᠢ ᠮᠡᠳᠡᠭᠡ ᠰᠢᠭ ᠳᠠᠮᠵᠢᠭᠤᠯᠤᠭᠳᠠᠵᠤ ᠪᠠᠶᠢᠨ᠎ᠠ᠃            ᠠᠩᠬᠠᠷᠤᠭᠠᠷᠠᠢ︕ ᠬᠤᠯᠪᠣᠭᠠᠨ ᠤ ᠬᠡᠰᠢᠬᠦᠳ ᠲᠣᠷ᠎ᠠ ᠵᠣᠷᠢᠭ ᠢᠶᠠᠷ ᠢᠶᠠᠨ ᠦᠨᠡᠨ  ᠪᠣᠳᠠᠳᠠᠢ ᠶᠢ ᠬᠢᠨᠠᠭᠰᠠᠨ ᠦᠬᠡᠢ ᠴᠣᠣᠷᠬᠠᠯ ᠲᠡᠭᠳᠡᠭᠡᠪᠡᠯ ᠬᠠᠷᠢᠭᠤᠴᠠᠯᠭ᠎ᠠ ᠡᠬᠦᠷᠬᠡᠯᠡᠬᠦ ᠪᠣᠯᠣᠨ᠎ᠠ᠃ ᠲᠠᠭᠠᠣ ᠳᠤ ᠨᠢ ᠬᠤᠯᠪᠣᠭᠠᠨ ᠤ ᠠᠬᠠᠯᠠᠭᠴᠢ ᠴᠣ᠋ ᠢᠳᠡᠪᠬᠢᠳᠠᠢ ᠪᠠᠷ ᠡᠬᠦᠷᠬᠡ ᠬᠠᠷᠢᠭᠤᠴᠠᠯᠭ᠎ᠠ ᠪᠠᠨ  ᠬᠡᠷᠡᠭᠵᠢᠬᠦᠯᠵᠦ᠂ ᠬᠤᠯᠪᠣᠭᠠᠨ ᠤ ᠬᠡᠰᠢᠬᠦᠳ ᠤᠨ ᠴᠣᠣᠷᠬᠠᠯ ᠲᠡᠭᠳᠡᠬᠡᠬᠦ ᠶᠢ ᠬᠤᠷᠢᠭᠯᠠᠬᠤ ᠬᠡᠷᠡᠭᠳᠠᠢ᠃            ᠸᠢᠴᠠᠲ ᠤᠨ ᠬᠤᠯᠪᠣᠭ᠎ᠠ ᠪᠣᠯ ᠬᠤᠪᠢ ᠶᠢᠨ ᠣᠷᠣᠨ ᠵᠠᠢ ᠪᠢᠰᠢ᠂ ᠡᠶᠢᠮᠦ ᠠᠴᠠ ᠬᠤᠯᠪᠣᠭᠠᠨ ᠤ ᠠᠬᠠᠯᠠᠭᠴᠢ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃            2017 ᠣᠨ ᠤ 9 ᠰᠠᠷ᠎ᠠ ᠶᠢᠨ 7 ᠤ ᠡᠳᠦᠷ᠂ ᠣᠯᠣᠰ ᠤᠨ ᠢᠨᠲ᠋ᠧᠷ ᠰᠦᠯᠵᠢᠶ᠎ᠠ ᠴᠢᠮᠡᠭᠡ ᠵᠠᠩᠬᠢ ᠶᠢᠨ ᠠᠯᠪᠠᠨ ᠬᠡᠷ ︽ᠢᠨᠲ᠋ᠧᠷ ᠰᠦᠯᠵᠢᠶ᠎ᠠ ᠬᠤᠯᠪᠣᠭ᠎ᠠ ᠵᠢᠷᠬᠢᠬᠡ ᠶᠢᠨ ᠴᠢᠮᠡᠭᠡ ᠵᠠᠩᠬᠢ ᠶᠢᠨ  ᠣᠶᠢᠯᠡᠴᠢᠯᠡᠬᠡᠨ ᠤ ᠬᠠᠮᠢᠶᠠᠷᠣᠯᠳᠠ ᠶᠢᠨ ᠳᠦᠷᠢᠮ︾ ᠢ ᠳᠠᠷᠤᠮᠠᠯᠯᠠᠨ ᠲᠠᠷᠬᠠᠭᠠᠵᠤ᠂ 2017 ᠣᠨ ᠤ 10 ᠰᠠᠷ᠎ᠠ ᠶᠢᠨ 8 ᠤ ᠡᠳᠦᠷ ᠠᠴᠠ ᠡᠬᠢᠯᠡᠨ ᠠᠯᠪᠠᠨ ᠶᠣᠰᠣᠭᠠᠷ ᠬᠡᠷᠡᠭᠵᠢᠬᠦᠯᠦᠭᠰᠡᠨ ᠪᠠᠶᠢᠨ᠎ᠠ᠃            ᠲᠣᠰ ︽ᠳᠦᠷᠢᠮ︾ ᠳᠤ ᠵᠢᠭᠠᠭᠰᠠᠨ ᠢᠨᠲ᠋ᠧᠷ ᠰᠦᠯᠵᠢᠶ᠎ᠠ ᠬᠤᠯᠪᠣᠭ᠎ᠠ ᠵᠢᠷᠬᠢᠬᠡ ᠬᠡᠳᠡᠭ ᠨᠢ ᠲᠠᠷᠣᠢ ᠬᠡᠷᠡᠭᠯᠡᠭᠴᠢᠳ ᠠᠴᠠ ᠢᠨᠲ᠋ᠧᠷ ᠰᠦᠯᠵᠢᠶᠡᠨ ᠤ ᠬᠡᠷᠡᠭᠯᠡᠭᠡ ᠪᠠᠷ ᠲᠠᠮᠵᠢᠵᠦ ᠪᠠᠶᠢᠭᠤᠯᠣᠭᠰᠠᠨ ᠬᠦᠮᠦᠰ ᠬᠤᠭᠤᠷᠣᠨᠳᠣ  ᠪᠠᠨ ᠬᠠᠷᠢᠯᠴᠠᠭ᠎ᠠ ᠬᠤᠯᠪᠣᠭ᠎ᠠ ᠠᠪᠬᠤ ᠰᠦᠯᠵᠢᠶᠠᠨ ᠤ ᠣᠷᠣᠨ ᠵᠠᠢ ᠪᠣᠯᠣᠨ᠎ᠠ᠂ ᠸᠢᠴᠠᠲ ᠤᠨ ᠬᠤᠯᠪᠣᠭ᠎ᠠ᠂ QQ ᠬᠤᠯᠪᠣᠭ᠎ᠠ ᠵᠡᠷᠬᠡ ᠶᠢ ᠵᠢᠭᠠᠵᠦ ᠪᠠᠶᠢᠨ᠎ᠠ᠃            ︽ᠳᠦᠷᠢᠮ︾ ᠳᠤ ᠱᠠᠭᠠᠷᠳᠠᠭᠰᠠᠨ ᠢᠶᠠᠷ᠂ ᠢᠨ᠋ᠧᠲᠷ ᠰᠦᠯᠵᠢᠶᠠᠨ ᠤ ᠬᠤᠯᠪᠣᠭ᠎ᠠ ᠵᠢᠷᠬᠢᠬᠡ ᠪᠠᠶᠢᠭᠤᠯᠣᠭᠴᠢᠳ᠂ ᠬᠠᠮᠢᠶᠠᠷᠣᠭᠴᠢᠳ ᠡᠷᠬᠡᠪᠰᠢ ᠬᠤᠯᠪᠣᠭ᠎ᠠ ᠵᠢᠷᠬᠢᠬᠡ ᠶᠢᠨ ᠬᠠᠮᠢᠶᠠᠷᠣᠯᠳᠠ ᠶᠢᠨ  ᠬᠠᠷᠢᠭᠤᠴᠠᠯᠭ᠎ᠠ ᠪᠠᠨ ᠰᠠᠶᠢᠳᠣᠷ ᠬᠡᠷᠡᠭᠵᠢᠬᠦᠯᠵᠦ᠂ ᠬᠠᠣᠯᠢ ᠲᠦᠷᠢᠮ᠂ ᠬᠡᠷᠡᠭᠯᠡᠭᠴᠢ ᠶᠢᠨ ᠬᠡᠷ᠎ᠡ ᠪᠣᠯᠣᠨ ᠲᠠᠪᠴᠠᠩ ᠤᠨ ᠬᠡᠷ᠎ᠡ ᠶᠣᠰᠣᠭᠠᠷ ᠬᠤᠯᠪᠣᠭ᠎ᠠ ᠵᠢᠷᠬᠢᠬᠡ ᠵᠡᠷᠬᠡ ᠰᠦᠯᠵᠢᠶᠠᠨ ᠤ ᠣᠶᠢᠯᠨ ᠠᠵᠢᠯᠯᠠᠭ᠎ᠠ ᠪᠣᠯᠣᠨ ᠴᠢᠮᠡᠭᠡ ᠵᠠᠩᠬᠢ ᠨᠡᠶᠢᠳᠡᠯᠡᠬᠦ ᠶᠢ ᠲᠦᠷᠢᠮᠵᠢᠬᠦᠯᠦᠨ᠂ ᠪᠣᠯᠪᠠᠰᠣᠨ  ᠮᠦᠷᠳᠡᠬᠡᠨ ᠲᠢᠭᠯᠢᠮ ᠲᠠᠢ ᠰᠦᠯᠵᠢᠶᠠᠨ ᠤ ᠬᠤᠯᠪᠣᠭ᠎ᠠ ᠵᠢᠷᠬᠢᠬᠡ ᠶᠢᠨ ᠣᠷᠣᠨ ᠵᠠᠢ ᠶᠢ ᠪᠠᠶᠢᠭᠤᠯᠣᠨ᠎ᠠ ᠬᠡᠵᠡᠢ᠃            ᠢᠨᠲ᠋ᠧᠷ ᠰᠦᠯᠵᠢᠶᠠᠨ ᠤ ᠬᠤᠯᠪᠣᠭ᠎ᠠ ᠵᠢᠷᠬᠢᠬᠡ ᠶᠢᠨ ᠬᠡᠰᠢᠬᠦᠳ ᠴᠢᠮᠡᠭᠡ ᠵᠠᠩᠬᠢ  ᠰᠣᠯᠢᠯᠴᠠᠬᠤ ᠳᠠᠭᠠᠨ ᠡᠷᠬᠡᠪᠰᠢ ᠬᠠᠮᠢᠶᠠᠳᠠᠢ ᠬᠠᠣᠯᠢ ᠲᠦᠷᠢᠮ ᠢ ᠵᠢᠷᠣᠮᠯᠠᠵᠦ᠂ ᠪᠣᠯᠪᠠᠰᠣᠨ ᠮᠦᠷᠳᠡᠬᠡᠨ ᠡᠷᠡᠬᠦᠯ ᠢᠶᠠᠷ ᠬᠠᠷᠢᠯᠴᠠᠬᠤ ᠬᠡᠷᠡᠭᠳᠠᠢ᠃            ᠸᠢᠴᠠᠲ ᠤᠨ ᠬᠤᠯᠪᠣᠭ᠎ᠠ ᠳᠤ ᠬᠢᠵᠢᠭ ᠤᠨ ᠪᠠᠶᠢᠳᠠᠯ ᠤᠨ ᠲᠣᠬᠠᠢ ᠬᠤᠳᠠᠯ ᠬᠠᠭᠤᠷᠮᠠᠭ ᠴᠢᠮᠡᠭᠡ ᠵᠠᠩᠬᠢ ᠢᠯᠡᠷᠡᠭᠰᠡᠨ ᠠᠴᠠ ᠪᠣᠯᠵᠦ ᠨᠡᠯᠢᠶᠡᠳ ᠠᠷᠪᠢᠨ ᠬᠤᠯᠪᠣᠭᠠᠨ ᠤ ᠠᠬᠠᠯᠠᠭᠴᠢ  ᠴᠠᠭᠳᠠᠭᠠᠨ ᠤ ᠬᠢᠨ ᠳᠤ ᠲᠣᠩᠭᠤᠳᠣᠭᠤᠯᠣᠭᠰᠠᠨ ᠪᠠᠶᠢᠨ᠎ᠠ᠃       ᠣᠯᠣᠰ ᠤᠨ ᠢᠨᠲ᠋ᠧᠷ ᠰᠦᠯᠵᠢᠶ᠎ᠠ ᠴᠢᠮᠡᠭᠡ ᠵᠠᠩᠬᠢ ᠶᠢᠨ ᠠᠯᠪᠠᠨ ᠬᠡᠷ ᠤᠨ ᠬᠠᠮᠢᠶᠠᠳᠠᠢ ᠬᠠᠷᠢᠭᠤᠴᠠᠯᠭᠠᠳᠠᠨ ᠤ ᠢᠯᠡᠷᠬᠡᠶᠢᠯᠡᠭᠰᠡᠨ ᠢᠶᠠᠷ᠂ ᠢᠨᠲ᠋ᠧᠷ ᠰᠦᠯᠵᠢᠶᠠᠨ ᠤ ᠬᠤᠯᠪᠣᠭ᠎ᠠ ᠵᠢᠷᠬᠢᠬᠡ ᠪᠠᠶᠢᠭᠤᠯᠣᠭᠴᠢᠳ ᠬᠤᠯᠪᠣᠭ᠎ᠠ ᠵᠢᠷᠬᠢᠬᠡ ᠪᠠᠨ ᠬᠠᠮᠢᠶᠠᠷᠬᠤ ᠡᠬᠦᠷᠬᠡ ᠬᠠᠷᠢᠭᠤᠴᠠᠯᠭ᠎ᠠ ᠲᠠᠢ᠃ ᠲᠣᠬᠠᠶᠢᠯᠠᠪᠠᠯ ᠬᠡᠨ ᠬᠤᠯᠪᠣᠭ᠎ᠠ ᠪᠠᠶᠢᠭᠤᠯᠣᠭᠰᠠᠨ ᠪᠣᠯ ᠬᠡᠨ ᠬᠠᠷᠢᠭᠤᠴᠠᠵᠦ᠂ ᠬᠠᠣᠯᠢ ᠲᠦᠷᠢᠮ᠂ ᠬᠡᠷᠡᠭᠯᠡᠭᠴᠢ ᠶᠢᠨ ᠬᠡᠷ᠎ᠡ ᠪᠣᠯᠣᠨ ᠲᠠᠪᠴᠠᠩ ᠤᠨ ᠬᠡᠷ᠎ᠡ ᠶᠣᠰᠣᠭᠠᠷ ᠬᠤᠯᠪᠣᠭ᠎ᠠ ᠵᠢᠷᠬᠢᠬᠡ ᠵᠡᠷᠬᠡ ᠰᠦᠯᠵᠢᠶᠠᠨ ᠤ ᠣᠶᠢᠯᠨ ᠠᠵᠢᠯᠯᠠᠭ᠎ᠠ ᠪᠣᠯᠣᠨ ᠴᠢᠮᠡᠭᠡ ᠵᠠᠩᠬᠢ ᠨᠡᠶᠢᠳᠡᠯᠡᠬᠦ ᠶᠢ ᠲᠦᠷᠢᠮᠵᠢᠬᠦᠯᠦᠨ᠂ ᠪᠣᠯᠪᠠᠰᠣᠨ ᠮᠦᠷᠳᠡᠬᠡᠨ ᠲᠢᠭᠯᠢᠮ ᠲᠠᠢ ᠰᠦᠯᠵᠢᠶᠠᠨ ᠤ ᠬᠤᠯᠪᠣᠭ᠎ᠠ ᠵᠢᠷᠬᠢᠬᠡ  ᠶᠢᠨ ᠣᠷᠣᠨ ᠵᠠᠢ ᠶᠢ ᠪᠣᠢ ᠪᠣᠯᠭᠠᠬᠤ ᠬᠡᠷᠡᠭᠳᠠᠢ ᠬᠡᠵᠡᠢ᠃            ᠸᠢᠴᠠᠲ ᠤᠨ ᠬᠤᠯᠪᠣᠭᠠᠨ ᠳᠤ ᠡᠶᠢᠮᠦ ᠮᠡᠳᠡᠭᠡ ᠨᠡᠶᠢᠲᠡᠯᠡᠵᠦ ᠪᠣᠯᠬᠤ ᠦᠭᠡᠢ᠃ ᠲᠤᠬᠠᠶᠢᠯᠠᠪᠠᠯ᠄            1. ᠢᠷᠬᠡᠨ ᠤ ᠬᠡᠷᠡᠭ ᠲᠤ ᠬᠤᠯᠪᠣᠭᠳᠠᠬᠤ ᠮᠡᠳᠡᠭᠡ ᠵᠠᠩᠬᠢ︔            2. ᠵᠠᠰᠠᠭ ᠵᠠᠬᠢᠷᠭᠠᠨ ᠤ ᠬᠡᠷᠡᠭ ᠲᠤ ᠬᠤᠯᠪᠣᠭᠳᠠᠬᠤ ᠮᠡᠳᠡᠭᠡ ᠵᠠᠩᠬᠢ︔            3. ᠡᠷᠡᠬᠦᠦ ᠶᠢᠨ ᠬᠡᠷᠡᠭ ᠲᠤ ᠬᠤᠯᠪᠣᠭᠳᠠᠬᠤ ᠮᠡᠳᠡᠭᠡ ᠵᠠᠩᠬᠢ︔            4. ᠣᠯᠣᠰ ᠲᠦᠷᠦ ᠶᠢᠨ ᠲᠣᠬᠠᠢ ᠮᠡᠳᠡᠭᠡ ᠵᠠᠩᠬᠢ︔            5. ᠬᠤᠳᠠᠯ ᠬᠠᠭᠤᠷᠮᠠᠭ ᠮᠡᠳᠡᠭᠡ ᠵᠠᠩᠬᠢ︔            6. ᠲᠣᠳᠣᠭᠠᠳᠣ ᠮᠠᠲ᠋ᠧᠷᠢᠶᠠᠯ︔            7. ᠱᠠᠯᠢᠭ ᠵᠠᠪᠬᠠᠢ᠂ ᠬᠤᠣᠷᠲᠤ ᠡᠳ᠋᠂ ᠲᠡᠯᠪᠡᠷᠡᠯᠳᠡ ᠲᠠᠢ ᠬᠤᠯᠪᠣᠭᠳᠠᠭᠰᠠᠨ ᠮᠡᠳᠡᠭᠡ ᠵᠠᠩᠬᠢ︔            8. ᠰᠢᠶᠠᠩᠭᠠᠩ᠂ ᠣᠣᠮᠧᠨ᠂ ᠲᠠᠶᠢᠸᠠᠨ ᠤ ᠲᠤᠬᠠᠢ ᠰᠣᠨᠢᠨ ᠮᠡᠳᠡᠭᠡ ᠶᠢ ᠡᠷᠬᠡ  ᠰᠦᠷᠳᠣ ᠰᠦᠯᠵᠢᠶᠠᠨ ᠳᠤ ᠨᠡᠶᠢᠳᠡᠯᠡᠬᠦ ᠠᠴᠠ ᠡᠮᠦᠨ᠎ᠡ ᠳᠤᠷ᠎ᠠ ᠪᠠᠷ ᠨᠡᠶᠢᠲᠡᠯᠡᠵᠦ ᠦᠬᠡᠢ︔            9. ᠴᠡᠷᠢᠭ ᠤᠨ ᠪᠢᠴᠢᠭ ᠮᠠᠲ᠋ᠧᠷᠢᠶᠠᠯ︔            10. ᠣᠯᠣᠰ ᠤᠨ ᠨᠢᠭᠤᠴᠨ ᠲᠠᠢ ᠬᠤᠯᠪᠣᠭᠳᠠᠭᠰᠠᠨ ᠪᠢᠴᠢᠭ ᠮᠠᠲ᠋ᠧᠷᠢᠶᠠᠯ︔            11. ᠢᠷᠡᠯᠳᠡ ᠲᠣᠳᠣᠷᠬᠠᠢ ᠪᠣᠰᠣ᠂ ᠬᠤᠳᠠᠯ ᠬᠠᠭᠤᠷᠮᠠᠭ ᠢᠶᠠᠷ ᠵᠣᠬᠢᠶᠠᠭᠰᠠᠨ ᠴᠠᠭᠳᠠᠭ᠎ᠠ ᠶᠢ ᠲᠣᠷᠣᠮᠵᠢᠯᠠᠭᠰᠠᠨ ᠪᠢᠴᠢᠯ ᠸᠢᠳᠢᠣ᠋︔            12. ᠪᠣᠰᠣᠳ ᠬᠠᠮᠢᠶ᠎ᠠ ᠪᠦᠬᠦᠢ ᠬᠠᠣᠯᠢ ᠲᠦᠷᠢᠮ ᠢ ᠵᠦᠷᠢᠴᠡᠭᠰᠡᠨ ᠮᠡᠳᠡᠭᠡ ᠵᠠᠩᠬᠢ᠃            ᠣᠳᠣ ᠣᠨᠴᠠᠭᠠᠢ ᠴᠠᠭ ᠦᠶ᠎ᠡ ᠪᠣᠯᠬᠤᠷ ᠴᠣᠣᠷᠬᠠᠯ ᠲᠡᠭᠳᠡᠬᠡᠬᠦ ᠦᠬᠡᠢ ᠲᠠᠷᠬᠠᠭᠠᠬᠤ ᠦᠬᠡᠢ ᠪᠠᠶᠢᠬᠤ ᠨᠢ ᠲᠣᠶᠢᠯ ᠤᠨ ᠴᠢᠬᠤᠯᠨ᠃ ᠬᠤᠯᠪᠣᠭᠠᠨ ᠤ ᠠᠬᠠᠯᠠᠭᠴᠢ ᠬᠡᠰᠢᠬᠦᠳ ᠬᠡᠷᠪᠡ ᠮᠡᠳᠡᠭᠡ ᠵᠠᠩᠬᠢ ᠶᠢᠨ ᠦᠨᠡᠨ ᠬᠤᠳᠠᠯ ᠢ ᠢᠯᠭᠠᠵᠦ ᠴᠢᠳᠠᠬᠤ ᠦᠬᠡᠢ ᠪᠣᠯ ᠢᠷᠡᠯᠳᠡ ᠶᠢ ᠨᠢ ᠰᠠᠶᠢᠨ ᠦᠵᠡᠬᠡᠷᠠᠢ᠃ ᠬᠡᠷᠪᠡ ᠪᠢᠳᠠ ᠢᠷᠡᠯᠳᠡ ᠶᠢ ᠨᠢ ᠴᠣ᠋ ᠲᠣᠳᠣᠷᠬᠠᠶᠢᠯᠠᠵᠦ ᠴᠢᠳᠠᠬᠤ ᠦᠬᠡᠢ ᠪᠣᠯ ᠰᠠᠶᠢᠨ ᠰᠠᠨᠠᠭᠠᠨ ᠠᠴᠠ ᠴᠣ᠋ ᠬᠡᠰᠡᠨ ᠢᠯᠡᠬᠡᠬᠦ ᠬᠡᠷᠡᠭ ᠦᠬᠡᠢ ᠶᠣᠮ᠃  
 
ᠢᠷᠡᠯᠲᠡ᠄ ᠬᠣᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号