ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠮᠠᠨ ᠤ | ᠬᠤᠲᠠ ᠨᠥᠬᠦᠴᠡᠯ ᠳᠤ ᠨᠡᠶᠢᠴᠡᠬᠦ 88018 ᠨᠡᠷᠡᠰ ᠠᠵᠤ ᠠᠬᠤᠶᠢᠯᠠᠯ ᠪᠣᠯᠤᠨ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠲᠤ ᠨᠠᠰᠤᠵᠢᠯ ᠤᠨ ᠮᠥᠩᠭᠦ ᠳᠤ ᠲᠤᠬᠢᠷᠠᠭᠤᠯᠤᠯᠳᠠ | ᠬᠢᠵᠦ᠂ ᠠᠵᠢᠯ ᠠᠴᠠ ᠪᠠᠨ ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ ᠬᠥᠮᠦᠨ | ᠳᠤᠮᠳᠠᠴᠢ ᠪᠠᠷ 144.43 ᠲᠥᠭᠦᠷᠢᠭ ᠨᠡᠮᠡᠭᠳᠡᠬᠦᠯᠪᠡ᠃ | ᠲᠣᠰ ᠤᠳᠠᠭᠠᠨ ᠤ ᠲᠣᠬᠢᠷᠠᠭᠤᠯᠤᠯᠲᠠ ᠬᠢᠭᠰᠡᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 2020 ᠤᠨ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠠᠵᠢᠯ ᠠᠴᠠ ᠪᠠᠨ ᠠᠮᠠᠷᠠᠭᠰᠠᠳ ᠤᠨ 1 — 7 | ᠰᠠᠷ᠎ᠠ ᠳᠤ ᠲᠣᠬᠢᠷᠠᠭᠤᠯᠤᠯᠲᠠ ᠬᠢᠵᠦ ᠨᠡᠮᠡᠭᠳᠡᠭᠦᠯᠦᠭᠰᠡᠨ ᠨᠠᠰᠣᠵᠢᠯ ᠤᠨ ᠠᠰᠠᠷᠠᠮᠵᠢ ᠶᠢᠨ ᠮᠥᠩᠭᠦ ᠶᠢ 7 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠲᠣᠬᠢᠷᠠᠭᠤᠯᠤᠯᠲᠠ ᠬᠢᠭᠰᠡᠨ ᠪᠦᠬᠡᠳ ᠨᠦᠬᠦᠪᠥᠷᠢᠯᠡᠨ ᠦᠭᠪᠡ᠃ | ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ 2019 | ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠨᠢᠭᠡᠨᠲᠡ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠬᠤ | ᠭᠠᠷ ᠬᠦᠢᠴᠡᠳᠭᠡᠯ ᠬᠦᠢᠴᠡᠳᠭᠡᠭᠰᠡᠨ ᠪᠥᠭᠡᠳ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ | ᠠᠪᠤᠭᠰᠠᠨ ᠠᠵᠢᠯ ᠠᠴᠠ ᠪᠠᠨ ᠠᠮᠠᠷᠠᠭᠰᠠᠳ ᠢ ᠴᠥᠮ ᠲᠣᠰ ᠤᠳᠠᠭᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ | ᠲᠣᠬᠢᠷᠠᠭᠤᠯᠤᠯᠲᠠ ᠬᠢᠬᠦ ᠬᠡᠪᠴᠢᠶᠡᠨ ᠳᠤ ᠣᠷᠣᠭᠤᠯᠪᠠ᠃ ᠠᠵᠢᠯ ᠠᠴᠠ ᠪᠠᠨ ᠠᠮᠠᠷᠠᠭᠰᠠᠳ ᠬᠥᠮᠦᠨ ᠪᠦᠷᠢ ᠰᠠᠷ᠎ᠠ | ᠪᠦᠷᠢ ᠲᠣᠭᠲᠠᠭᠰᠠᠨ ᠲᠤᠭ᠎ᠠ ᠪᠠᠷ ᠦᠨᠳᠦᠰᠦᠨ ᠨᠠᠰᠤᠵᠢᠯ ᠤᠨ ᠮᠥᠩᠭᠦ ᠶᠢ 54 ᠲᠥᠭᠦᠷᠢᠭ ᠨᠡᠮᠡᠭᠳᠡᠭᠦᠯᠦᠭᠰᠡᠨ | ᠰᠠᠭᠤᠷᠢᠨ ᠳᠡᠭᠡᠷ᠎ᠡ ᠳᠠᠬᠢᠭᠠᠳ ᠬᠤᠯᠪᠣᠭᠳᠠᠭᠤᠯᠤᠨ ᠲᠤᠬᠢᠷᠠᠭᠤᠯᠪᠠ᠂ ᠨᠢᠭᠡ ᠳᠤ᠂ ᠲᠣᠰ ᠬᠥᠮᠦᠨ ᠤ 2019 | ᠣᠨ ᠤ 12 ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠤ 1. | 8% ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠮᠡᠭᠳᠡᠭᠦᠯᠦᠨ᠎ᠡ ︵ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠥᠭᠬᠦ ᠲᠥᠷᠥᠯ ᠵᠦᠢᠯ ᠳᠤ ᠣᠷᠣᠭᠤᠯᠤᠭᠰᠠᠨ ᠢᠶᠠᠷ | ᠪᠠᠷᠢᠮᠵᠢᠶ᠎ᠠ ᠪᠣᠯᠭᠠᠨ᠎ᠠ︶︔ ᠬᠤᠶᠠᠷ ᠲᠤ᠂ ᠠᠵᠢᠯ ᠠᠴᠠ ᠪᠠᠨ ᠠᠮᠠᠷᠠᠭᠰᠠᠳ ᠤᠨ ᠰᠦᠢᠳᠭᠡᠯ ᠲᠤᠰᠢᠶᠠᠭᠰᠠᠨ ᠵᠢᠯ | ᠬᠤᠭᠤᠴᠠᠭ᠎ᠠ ᠨᠢ ᠪᠦᠬᠦᠯᠢ 1 ᠵᠢᠯ ᠪᠣᠯᠬᠤ ᠪᠦᠷᠢ 1 ᠲᠥᠭᠦᠷᠢᠭ ᠨᠡᠮᠡᠭᠳᠡᠨ᠎ᠡ ︵ᠰᠦᠢᠳᠭᠡᠯ ᠲᠤᠰᠢᠶᠠᠭᠰᠠᠨ ᠵᠢᠯ | ᠬᠤᠭᠤᠴᠠᠭ᠎ᠠ ᠨᠢ ᠲᠤᠭᠳᠠᠭᠠᠯ ᠶᠣᠰᠣᠭᠠᠷ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠳᠠᠭᠠᠳᠬᠠᠯ ᠤᠨ ᠰᠦᠢᠳᠭᠡᠯ ᠢ ᠲᠤᠰᠢᠶᠠᠬᠤ ᠠᠴᠠ ᠡᠮᠦᠨᠡᠬᠢ ᠦᠷᠭᠦᠯᠵᠢᠯᠡᠨ ᠠᠵᠢᠯᠯᠠᠭᠰᠠᠨ ᠣᠨ ᠵᠢᠯ ᠢ ᠪᠠᠭᠲᠠᠭᠠᠨ᠎ᠠ᠃ | ᠨᠢᠭᠡ ᠵᠢᠯ ᠪᠣᠯᠤᠭᠠᠳᠤᠶ ᠪᠣᠯ ᠨᠢᠭᠡ ᠵᠢᠯ ᠢᠶᠠᠷ ᠲᠣᠬᠢᠷᠠᠭᠤᠯᠤᠨ᠎ᠠ︶᠂ ᠲᠣᠬᠢᠷᠠᠭᠤᠯᠤᠯᠲᠠ ᠨᠢ 15 ᠲᠥᠭᠦᠷᠢᠭ ᠬᠦᠷᠬᠦ | ᠦᠭᠡᠢ ᠪᠣᠯ 15 ᠲᠥᠭᠦᠷᠢᠭ ᠢᠶᠠᠷ ᠲᠣᠬᠢᠷᠠᠭᠤᠯᠤᠨ᠎ᠠ᠃ ᠬᠡᠯᠪᠠᠶᠢᠯᠭᠡᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ 2019 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦᠯᠢ 70 | ᠨᠠᠰᠤ ᠬᠦᠷᠦᠭᠰᠡᠨ ᠠᠵᠢᠯ ᠠᠴᠠ ᠪᠠᠨ ᠠᠮᠠᠷᠠᠭᠰᠠᠳ ᠲᠤ ᠬᠥᠮᠦᠨ ᠪᠦᠷᠢ ᠳᠤ ᠰᠠᠷ᠎ᠠ ᠪᠦᠷᠢ 30 ᠲᠦᠬᠦᠷᠢᠭ | ᠨᠡᠮᠡᠭᠳᠡᠭᠦᠯᠦᠨ᠎ᠡ︔ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠨ ᠤ ᠠᠮᠠᠷᠠᠯᠲᠠ ᠠᠪᠤᠭᠰᠠᠳ ᠤᠨ ᠨᠢᠭᠡ ᠨᠠᠰᠤ | ᠨᠡᠮᠡᠭᠳᠡᠬᠦ ᠪᠦᠷᠢ ᠨᠠᠰᠣᠵᠢᠯ ᠤᠨ ᠠᠰᠠᠷᠠᠮᠵᠢ ᠶᠢᠨ ᠮᠥᠩᠭᠦ ᠶᠢ ᠪᠠᠰᠠ 3 ᠲᠥᠭᠦᠷᠢᠭ ᠨᠡᠮᠡᠭᠳᠡᠭᠦᠯᠦᠨ᠎ᠡ︔ ᠠᠵᠤ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ ᠳᠡᠭᠡᠷ᠎ᠡ | ᠲᠤᠷᠠᠳᠣᠭᠰᠠᠨ ᠪᠠᠷᠢᠮᠵᠢᠶ᠎ᠠ ᠶᠣᠰᠣᠭᠠᠷ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠭᠰᠡᠨ ᠤ | ᠳᠠᠷᠠᠭ᠎ᠠ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ | ᠲᠤᠮᠳᠠᠴᠢ ᠠᠰᠠᠷᠠᠮᠵᠢ ᠶᠢᠨ ᠮᠥᠩᠭᠦ ᠶᠢᠨ ᠬᠢᠷᠢ ᠬᠡᠮᠵᠢᠶ᠎ᠡ ᠠᠴᠠ ᠳᠣᠤᠷ᠎ᠠ ᠪᠠᠶᠢᠪᠠᠯ᠂ ᠲᠤᠬᠠᠶ ᠶᠢᠨ ᠭᠠᠵᠠᠷ ᠤᠨ ᠠᠵᠤ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠤᠮᠳᠠᠴᠢ ᠬᠢᠷᠢ | ᠬᠡᠮᠵᠢᠶᠡᠨ ᠳᠤ ᠨᠥᠬᠦᠵᠦ ᠬᠦᠢᠴᠡᠭᠡᠨᠡ︔ ᠠᠵᠢᠯ ᠠᠴᠠ ᠪᠠᠨ ᠰᠠᠯᠤᠭᠰᠠᠳ ᠲᠤᠰᠢᠶᠠᠯ ᠠᠴᠠ ᠪᠠᠨ ᠰᠠᠯᠣᠭᠰᠠᠳ ᠤᠨ | ᠠᠮᠢᠳᠤᠷᠠᠯ ᠤᠨ ᠵᠠᠷᠤᠳᠠᠯ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠨᠢ ᠠᠵᠢᠯ ᠠᠴᠠ ᠪᠠᠨ | ᠠᠮᠠᠷᠠᠭᠰᠠᠳ ᠲᠠᠢ ᠦᠨᠳᠦᠰᠦᠨ ᠳᠡᠭᠡᠨ ᠠᠳᠠᠯᠢ᠃ | |