︽ᠭᠠᠨᠳᠠᠷᠢ ᠶᠢᠨ ᠰᠠᠯᠬᠢ︾ ᠭᠡᠬᠦ ᠳᠠᠭᠤᠤ ᠪᠥᠵᠢᠭᠲᠦ ᠵᠦᠴᠦᠭᠡ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2020-08-04
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ 2020 ᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠤᠨ ᠰᠣᠩᠭᠤᠭᠳᠠᠭᠰᠠᠨ ᠵᠦᠴᠦᠭᠡ ᠶᠢᠨ ᠨᠡᠷᠡᠰ ᠢ ᠨᠡᠶᠢᠲᠡᠯᠡᠵᠦ᠂ ᠮᠠᠨ ᠤ ᠬᠤᠲᠠ ᠶᠢᠨ ᠰᠢᠨ᠎ᠡ ᠪᠠᠷ ᠵᠤᠬᠢᠶᠠᠨ ᠪᠦᠲᠦᠭᠡᠭᠰᠡᠨ ︽ᠭᠠᠨᠳᠠᠷᠢ ᠶᠢᠨ ᠰᠠᠯᠬᠢ︾ ᠭᠡᠬᠦ ᠳᠠᠭᠤᠤ ᠪᠥᠵᠢᠭᠲᠦ ᠵᠦᠴᠦᠭᠡ ᠰᠣᠩᠭᠤᠭᠳᠠᠪᠠ᠃      ︽ᠭᠠᠨᠳᠠᠷᠢ ᠶᠢᠨ ᠰᠠᠯᠬᠢ︾ ᠪᠣᠯ ᠮᠠᠨ ᠤ ᠬᠤᠲᠠ ᠶᠢᠨ ᠠᠩᠬᠠᠳᠠᠭᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠰᠣᠳᠣᠨ ᠵᠦᠴᠦᠭᠡ ᠪᠣᠯᠤᠨ᠎ᠠ᠂ ᠮᠥᠨ ᠴᠦ ᠮᠠᠨ ᠤ ᠬᠤᠲᠠ ᠶᠢᠨ ᠠᠩᠬ᠎ᠠ ᠤᠳᠠᠭ᠎ᠠ ᠥᠪᠡᠷ  ᠢᠶᠠᠨ ᠨᠠᠶᠢᠷᠠᠭᠤᠯᠵᠤ ᠥᠪᠡᠷ ᠢᠶᠠᠨ ᠵᠢᠯᠣᠭᠤᠳᠴᠤ ᠥᠪᠡᠷ ᠢᠶᠠᠨ ᠲᠣᠭᠯᠠᠭᠰᠠᠨ ᠳᠠᠭᠤᠤ ᠪᠦᠵᠢᠭᠲᠦ ᠵᠦᠴᠦᠭᠡ ᠪᠣᠯᠤᠨ᠎ᠠ᠃ ᠲᠣᠰ ᠵᠦᠴᠦᠭᠡ ᠨᠢ ᠬᠠᠶᠢᠷᠣᠪ ᠤᠨ ᠲᠤᠬᠤᠢ ᠶᠢᠨ ᠦᠯᠢᠭᠡᠷ ᠢᠶᠠᠷ ᠳᠠᠮᠵᠢᠨ᠂ ᠳᠠᠭᠤᠤ ᠪᠥᠵᠢᠭ ᠤᠨ ᠬᠡᠯᠪᠡᠷᠢ ᠪᠠᠷ ᠦᠬᠠᠶ ᠶᠢᠨ ᠣᠷᠢᠲᠤᠭᠢ ᠪᠣᠯᠤᠨ ᠣᠳᠣᠭᠢ ᠶᠢᠨ ᠲᠤᠬᠠᠶ ᠥᠭᠦᠯᠡᠵᠦ᠂ ᠭᠠᠨᠳᠠᠷᠢ ᠠᠭᠤᠯᠠ ᠶᠢᠨ ᠡᠷᠭᠢᠨ ᠲᠣᠭᠤᠷᠢᠨ ᠤ ᠪᠠᠯᠠᠷ ᠡᠷᠲᠡᠨ ᠤ ᠬᠥᠮᠦᠨ ᠲᠥᠷᠥᠯᠬᠢᠲᠡᠨ ᠤ ᠠᠵᠢᠯᠯᠠᠭ᠎ᠠ ᠶᠢ ᠳᠡᠯᠭᠡᠨ ᠦᠵᠡᠭᠦᠯᠵᠤ᠂ ᠨᠡᠷᠡᠨ ᠰᠠᠬᠢᠭᠤᠯᠤᠨ ᠤ ᠬᠠᠳᠠᠨ ᠵᠢᠷᠤᠭ ᠤᠨ ᠰᠣᠶᠣᠯ ᠪᠠ ︽ᠳᠠᠷᠬᠠᠨ ᠬᠤᠲᠠ︾ ᠶᠢᠨ ᠤᠯᠠᠮᠵᠢᠯᠠᠯ ᠪᠠ ᠮᠣᠩᠭᠤᠯᠴᠤᠳ ᠤᠨ ᠳᠠᠬᠢᠯᠭ᠎ᠠ ᠶᠢᠨ ᠵᠠᠩ ᠦᠢᠯᠡ ᠶᠢᠨ ᠰᠣᠶᠣᠯ ᠢ ᠢᠯᠡᠷᠡᠭᠦᠯᠦᠭᠰᠡᠨ ᠶᠤᠮ᠃
 
ᠢᠷᠡᠯᠲᠡ᠄ ᠦᠬᠠᠢ ᠬᠣᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号