ᠸᠠᠩ ᠵᠢᠶ ᠫᠢᠩ
ᠨᠡᠶᠢᠲᠡᠯᠡᠭᠰᠡᠨ ᠴᠠᠭ᠄
2020/9/1
ᠲᠤᠰᠢᠶᠠᠯ᠄      ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠳᠠ ᠶᠢᠨ ᠳᠠᠷᠤᠭ᠎ᠠ᠃ ᠤᠳᠤᠷᠢᠳᠤᠯᠭ᠎ᠠ ᠶᠢᠨ ᠲᠠᠨᠢᠯᠴᠠᠭᠤᠯᠭ᠎ᠠ      ᠸᠠᠩ ᠵᠢᠢ ᠫᠢᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 3 ᠰᠠᠷ᠎ᠠ ᠳᠤ ᠲᠥᠷᠦᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠠᠵᠢᠯ ᠤᠨ ᠬᠠᠷᠢᠭᠤᠴᠠᠯᠭ᠎ᠠ᠄      ᠬᠤᠲᠠ ᠶᠢᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠠᠮᠢ ᠠᠬᠤᠢ ᠶᠢᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠮᠡᠳᠡᠭᠡ ᠵᠠᠩᠭᠢᠵᠢᠯᠲᠠ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ ᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠲᠥᠪ᠂ ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠬᠢᠵᠠᠭᠠᠷᠲᠤ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号