ᠸᠠᠩ ᠸᠧᠨ ᠵᠢᠶᠧ ᠮᠠᠨ ᠤ ᠬᠤᠲᠠ ᠶᠢᠨ ᠬᠤᠳᠠᠯᠳᠤᠭᠠᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠳᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2020/9/10
     9 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠬᠦᠯᠡᠭᠴᠢ ᠸᠠᠩ ᠸᠧᠨ ᠵᠢᠶᠧ ᠮᠠᠨ ᠤ ᠬᠤᠲᠠ ᠶᠢᠨ ᠬᠤᠳᠠᠯᠳᠤᠭᠠᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠳᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠠᠶᠢᠴᠠᠭᠠᠨ ᠰᠣᠳᠣᠯᠣᠯᠳᠠ ᠬᠢᠪᠡ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠬᠤᠳᠠᠯᠳᠤᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠬᠥᠭᠵᠢᠯᠲᠡ ᠶᠢᠨ ᠤᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠬᠦᠬᠦ ᠬᠡᠷᠡᠭᠳᠡᠢ ᠬᠡᠵᠡᠢ᠃      ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠸᠠᠩ ᠸᠧᠨ ᠵᠢᠶᠧ ᠤᠷᠢᠳ ᠬᠤᠵᠢᠳ ᠬᠤᠲᠠ ᠶᠢᠨ ᠱᠠᠨᠰᠢ ᠶᠢᠨ ᠬᠤᠳᠠᠯᠳᠤᠭᠠᠴᠢᠳ ᠤᠨ ᠨᠡᠶᠢᠭᠡᠮᠯᠢᠭ᠂ ᠮᠧᠩ ᠰᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠥᠪᠥᠷ ᠮᠣᠩᠭᠤᠯ ᠤᠨ ᠰᠢᠨ ᠲᠢᠶᠠᠨ ᠳ᠋ᠢ ᠪᠦᠯᠦᠭᠯᠡᠯᠲᠦ ᠺᠣᠮᠫᠠᠨᠢ ᠳᠤ  ᠬᠦᠷᠬᠦ ᠪᠦᠷᠢ᠂ ᠸᠠᠩ ᠸᠧᠨ ᠵᠢᠶᠧ ᠪᠦᠷ ᠬᠤᠳᠠᠯᠳᠤᠭᠠᠴᠢᠳ ᠤᠨ ᠨᠡᠶᠢᠭᠡᠮᠯᠢᠭ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠳᠣᠬᠢ ᠪᠠᠶᠢᠳᠠᠯ ᠵᠢᠴᠢ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠵᠤ᠂ ᠲᠡᠷᠡᠴᠢᠯᠡᠨ ᠶᠠᠷᠢᠯᠴᠠᠨ ᠰᠣᠯᠢᠯᠴᠠᠬᠤ ᠬᠡᠯᠪᠡᠷᠢ ᠪᠠᠷ ᠳᠠᠮᠵᠢᠭᠤᠯᠤᠨ ᠬᠤᠳᠠᠯᠳᠤᠭᠠᠴᠢᠳ ᠤᠨ ᠨᠡᠶᠢᠭᠡᠮᠯᠢᠭ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠤᠯᠤᠰ ᠲᠦᠷᠦ ᠶᠢᠨ ᠠᠮᠢ ᠠᠬᠤᠶ᠂ ᠨᠡᠶᠢᠭᠡᠮ ᠤᠨ ᠠᠮᠢ ᠠᠬᠤᠶ ᠶᠢᠨ ᠶᠡᠷᠦᠩᠬᠡᠶᠢᠯᠡᠭᠰᠡᠨ ᠲᠤᠰᠬᠠᠯ ᠮᠥᠨ᠂ ᠪᠠᠰᠠ ᠴᠤ ᠨᠢᠭᠡ ᠭᠠᠵᠠᠷ ᠣᠷᠣᠨ ᠤ ᠵᠥᠭᠡᠯᠡᠨ ᠪᠣᠳᠠᠲᠤ ᠬᠦᠴᠦᠨ ᠤ ᠴᠢᠬᠤᠯᠠ ᠢᠯᠡᠷᠡᠯ ᠮᠥᠨ᠃ ᠪᠦᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠦᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ᠂ ᠬᠦᠴᠢᠷᠳᠡᠯ ᠢ ᠴᠠᠭ ᠲᠤᠬᠠᠶ ᠳᠤᠨᠢ ᠡᠵᠡᠮᠰᠢᠵᠦ᠂ ᠵᠥᠪᠳᠡᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠤᠨ ᠰᠠᠨᠠᠯ ᠰᠠᠨᠠᠭᠤᠯᠭ᠎ᠠ ᠳᠤᠷᠠᠳᠴᠤ᠂ ᠠᠰᠠᠭᠤᠳᠠᠯ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠤᠷᠢᠳᠠᠪᠠᠷ ᠦᠢᠯᠡᠴᠢᠯᠡᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠦᠬᠦᠴᠡᠯ ᠢ ᠦᠷᠭᠦᠯᠵᠢᠯᠡᠨ ᠴᠢᠷᠮᠠᠶᠢᠨ ᠪᠤᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ᠃ ᠡᠯ᠎ᠡ ᠱᠠᠲᠤᠨ ᠤ ᠬᠤᠳᠠᠯᠳᠤᠭᠠᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ ᠬᠡᠵᠡᠢ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号