ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ 20 ᠳ᠋ᠤᠭᠠᠷ ᠪᠦᠯᠦᠭ ︽ᠳ᠋ᠣᠺᠲ᠋ᠣᠷ ᠤᠨ ᠦᠢᠯᠡᠴᠢᠯᠡᠭᠡᠨ ᠤ ᠪᠦᠯᠬᠦᠮ︾ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/9/14
     9 ᠰᠠᠷ᠎ᠠ ᠶᠢᠨ 11 ᠤ ᠡᠳᠦᠷ᠂ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 20 ᠳ᠋ᠤᠭᠠᠷ ᠪᠦᠯᠦᠭ ᠤᠨ ︽ᠳ᠋ᠣᠺᠲ᠋ᠣᠷ ᠤᠨ ᠦᠢᠯᠡᠴᠢᠯᠡᠭᠡᠨ ᠤ ᠪᠦᠯᠬᠦᠮ︾ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠣᠳᠣᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠶᠦᠨ ᠹᠧᠩ ᠪᠦᠯᠬᠦᠮ ᠲᠠᠭᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠤᠲᠠ ᠶᠢᠨ ᠲᠥᠯᠥᠪᠵᠢᠭᠦᠯᠭᠡ ᠶᠢᠨ ᠦᠵᠡᠬᠦᠯᠦᠯᠬᠡ ᠶᠢᠨ ᠣᠷᠳᠣᠨ᠂ ᠬᠠᠶᠢᠷᠣᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠠᠶ ᠰᠢᠨ ᠨᠡᠶᠢᠭᠡᠮ ᠲᠣᠭᠤᠷᠢᠭ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠰᠢᠨ ᠴᠧᠩ ᠨᠡᠶᠢᠭᠡᠮ ᠲᠣᠭᠤᠷᠢᠭ ᠤᠨ ᠹᠧᠩ ᠬᠤᠸᠠᠩ ᠵᠢᠵᠢᠭ ᠭᠤᠳᠤᠮᠵᠢ᠂ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠠᠵᠠᠷ  ᠲᠤ ᠬᠦᠷᠴᠦ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠴᠤ᠂ ᠬᠤᠲᠠ ᠶᠢᠨ ᠬᠥᠭᠵᠢᠯᠲᠡ ᠶᠢᠨ ᠲᠡᠤᠬᠡᠨ ᠶᠠᠪᠤᠴᠠ᠂ ᠲᠥᠯᠥᠪᠵᠢᠭᠦᠯᠭᠡ ᠶᠢᠨ ᠠᠯᠣᠰ ᠤᠨ ᠲᠥᠯᠥᠪ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠵᠡᠭᠡᠯᠢ ᠳᠠᠭᠠᠭᠰᠠᠨ ᠵᠢᠵᠢᠭ ᠭᠤᠳᠤᠮᠵᠢ ᠶᠢᠨ ᠴᠡᠭᠴᠡᠯᠡᠨ ᠵᠠᠰᠠᠯᠳᠠ᠂ ᠦᠨᠳᠦᠰᠦᠨ ᠱᠠᠳᠣᠨ ᠤ ᠵᠠᠰᠠᠯᠲᠠ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠦᠷᠨᠢᠬᠦᠯᠦᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠢᠯᠡᠷᠬᠡᠶᠢᠯᠡᠭᠰᠡᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠵᠤ᠂ ᠠᠷᠠᠳ ᠲᠤ ᠲᠥᠬᠦᠮ ᠦᠵᠡᠬᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠬᠦᠯᠬᠦ ᠬᠡᠷᠡᠭᠳᠡᠢ ᠬᠡᠵᠡᠢ᠃      ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠵᠢᠶᠠᠨ ᠯᠦᠩ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ ᠺᠤᠮᠫᠠᠨᠢ᠂ ᠳ᠋ᠧ ᠬᠤᠤ ᠨᠡᠭᠦᠷᠡᠰᠦ ᠬᠡᠦᠷᠰᠢᠭᠦᠯᠬᠦ ᠺᠣᠮᠫᠠᠨᠢ᠂ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠺᠣᠮᠫᠠᠨᠢ᠂ ᠬᠠᠨ ᠰᠧᠨ ᠠᠷᠢᠬᠢᠨ ᠡᠳ᠋ᠯᠡᠩ ᠬᠦᠷᠴᠦ᠂ ᠦᠢᠯᠡᠳᠪᠦᠷᠢᠯᠡᠯ  ᠤᠨ ᠤᠷᠠᠯᠠᠯ ᠤᠨ ᠴᠤᠪᠤᠷᠠᠯ᠂ ᠦᠢᠯᠡᠳᠪᠦᠷᠢᠯᠡᠯ ᠤᠨ ᠴᠢᠳᠠᠪᠤᠷᠢ ᠶᠢᠨ ᠦᠢᠯᠡᠳᠬᠦᠨ ᠤ ᠦᠷᠳᠡᠭ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ᠂ ᠡᠬᠢ ᠪᠠᠶᠠᠯᠢᠭ ᠵᠢᠴᠢ ᠡᠨᠧᠷᠭᠢ ᠶᠢᠨ ᠬᠥᠭᠵᠢᠯᠲᠡ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠵᠡᠷᠭᠡ ᠶᠢ ᠨᠠᠷᠢᠨ ᠪᠠᠶᠢᠴᠠᠭᠠᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠢᠯᠡᠷᠬᠡᠶᠢᠯᠡᠭᠰᠡᠨ ᠨᠢ᠂ ︽ᠬᠦᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠦᠨ︾ ᠭᠡᠬᠦ ᠣᠶᠢᠯᠠᠭᠠᠭᠳᠠᠬᠤᠨ ᠢ ᠢᠮᠠᠭᠲᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠡᠨᠧᠷᠭᠢ ᠶᠢ ᠬᠠᠮᠤᠭ ᠤᠨ ᠶᠡᠭᠡ ᠬᠡᠮᠵᠢᠶ᠎ᠡ ᠪᠠᠷ ᠵᠣᠬᠢᠰᠲᠠᠶ ᠠᠰᠢᠭᠯᠠᠵᠤ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ︽ᠬᠤᠶᠠᠷ ᠢ ᠰᠠᠭᠠᠲᠠᠭᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号