1. ᠠᠰᠠᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠪᠠᠭ᠎ᠠ ᠨᠠᠰᠤᠨ ᠤ ᠬᠡᠦᠬᠡᠳ ᠲᠤ ᠠᠪᠴᠤ | ᠬᠡᠯᠡᠪᠡᠯ᠂ ᠲᠠᠨᠢᠬᠤ ᠴᠢᠳᠠᠪᠤᠷᠢ᠂ ᠰᠤᠷᠬᠤ ᠴᠢᠳᠠᠪᠤᠷᠢ᠂ ᠲᠠᠭᠠᠭᠠᠬᠤ ᠴᠢᠳᠠᠪᠤᠷᠢ ᠵᠡᠷᠭᠡ ᠶᠢᠨ ᠨᠦᠯᠦᠭᠡ ᠠᠴᠠ ᠪᠤᠯᠵᠤ᠂ | ᠨᠢᠭᠡᠳᠦᠭᠡᠷ ᠤᠨ ᠤ ᠲᠡᠭᠡᠷ᠎ᠡ ᠬᠤᠭᠤᠴᠠᠭ᠎ᠠ ᠠᠴᠠ ᠮᠤᠩᠭᠤᠯ ᠬᠡᠯᠡᠨ ᠤ ᠴᠠᠭᠠᠨ ᠲᠤᠯᠤᠭᠠᠢ ᠶᠢ ᠰᠤᠷᠴᠤ᠂ ᠲᠤᠤᠷ᠎ᠠ | ᠬᠤᠭᠤᠴᠠᠭ᠎ᠠ ᠠᠴᠠ ᠬᠢᠳᠠᠳ ᠬᠡᠯᠡᠨ ᠤ ᠠᠪᠢᠶᠠᠨ ᠤ ᠦᠰᠦᠭ ᠢ ᠰᠤᠷᠬᠤ ᠨᠢ ᠬᠤᠶᠠᠷ ᠵᠦᠢᠯ ᠤᠨ ᠬᠡᠯᠡ ᠶᠢ | ᠬᠤᠳᠬᠤᠯᠳᠤᠭᠤᠯᠬᠤ ᠳᠤ ᠬᠦᠷᠦᠭᠦᠯᠬᠦ ᠲᠤᠯᠠ ᠬᠢᠳᠠᠳ ᠬᠡᠯᠡᠨ ᠤ ᠠᠪᠢᠶᠠᠨ ᠤ ᠦᠰᠦᠭ ᠢ ᠬᠤᠶᠠᠳᠤᠭᠠᠷ ᠤᠨ ᠠᠴᠠ | ᠡᠬᠢᠯᠡᠨ ᠰᠤᠷᠴᠤ ᠪᠤᠯᠤᠨ᠎ᠠ ᠤᠤ︖ | ᠬᠠᠷᠢᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠮᠤᠩᠭᠤᠯ ᠬᠡᠯᠡᠨ ᠤ ᠴᠠᠭᠠᠨ ᠲᠤᠯᠤᠭᠠᠢ ᠪᠠ | ᠬᠢᠳᠠᠳ ᠬᠡᠯᠡᠨ ᠤ ᠠᠪᠢᠶᠠᠨ ᠤ ᠦᠰᠦᠭ ᠤᠨ ᠵᠢᠭᠠᠨ ᠰᠤᠷᠭᠠᠯᠳᠠ ᠳᠤ ᠬᠤᠳᠬᠤᠯᠳᠤᠬᠤ ᠠᠰᠠᠭᠤᠳᠠᠯ ᠤᠷᠤᠰᠢᠵᠤ | ᠮᠡᠳᠡᠬᠦ ᠶᠠᠪᠤᠳᠠᠯ ᠳᠤ ᠴᠢᠭᠯᠡᠭᠦᠯᠦᠨ᠂ ᠦᠪᠡᠷᠳᠡᠭᠡᠨ ᠵᠠᠰᠠᠬᠤ ᠤᠷᠤᠨ ᠠᠴᠠ ︽ᠴᠠᠭ ᠢ ᠨᠢ ᠵᠦᠷᠢᠭᠦᠯᠬᠦ︾ ᠠᠷᠭ᠎ᠠ | ᠪᠤᠳᠤᠯᠭ᠎ᠠ ᠶᠢ ᠲᠤᠷᠠᠳᠴᠠᠢ᠃ ᠡᠭᠦᠨ ᠳᠤ᠂ ︽ᠲᠡᠭᠡᠷ᠎ᠠ ᠬᠤᠭᠤᠴᠠᠭᠠᠨ ᠳᠤ ᠮᠤᠩᠭᠤᠯ ᠬᠡᠯᠡᠨ ᠤ ᠴᠠᠭᠠᠨ | ᠲᠤᠯᠤᠭᠠᠢ ᠶᠢ ᠰᠤᠷᠴᠤ᠂ ᠲᠤᠤᠷ᠎ᠠ ᠬᠤᠭᠤᠴᠠᠭᠠᠨ ᠳᠤ ᠬᠢᠳᠠᠳ ᠬᠡᠯᠡᠨ ᠤ ᠠᠪᠢᠶᠠᠨ ᠤ ᠦᠰᠦᠭ ᠢ ᠰᠤᠷᠬᠤ︾ ᠪᠣᠯ | ᠵᠢᠭᠠᠨ ᠰᠤᠷᠭᠠᠯᠳᠠ ᠶᠢ ᠬᠡᠷᠡᠭᠵᠢᠭᠦᠯᠬᠦ ᠠᠷᠭ᠎ᠠ ᠵᠠᠮ ᠤᠨ ᠨᠢᠭᠡ ᠪᠤᠯᠬᠤ ᠲᠡᠳᠦᠢ ᠶᠤᠮ᠂ ᠡᠯ᠎ᠡ ᠭᠠᠵᠠᠷ ᠤᠷᠤᠨ ᠡᠯ᠎ᠡ | ᠰᠤᠷᠭᠠᠭᠤᠯᠢ ᠶᠢᠨ ᠬᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠰᠦᠪᠡᠭᠴᠢᠯᠡᠯᠲᠡ ᠬᠢᠵᠤ ᠰᠢᠨ᠎ᠡ ᠶᠢ ᠡᠭᠦᠳᠴᠤ | ᠪᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠴᠦ ᠲᠦᠷᠦ ᠶᠢᠨ ᠪᠤᠳᠤᠯᠭ᠎ᠠ ᠲᠤᠭᠲᠠᠭᠠᠵᠤ᠂ ᠡᠯ᠎ᠡ ᠭᠠᠵᠠᠷ ᠤᠷᠤᠨ | ᠡᠯ᠎ᠡ ᠰᠤᠷᠭᠠᠭᠤᠯᠢ ᠶᠢᠨ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢ | ᠨᠤᠳᠠᠯᠠᠬᠤ ᠴᠢᠨᠠᠷᠲᠠᠢ ᠬᠡᠷᠡᠭᠯᠡᠭᠡᠨ ᠤ ᠰᠤᠳᠤᠯᠭᠠᠨ ᠢ ᠵᠤᠷᠢᠭᠵᠢᠭᠤᠯᠤᠨ ᠲᠡᠮᠵᠢᠵᠦ᠂ ᠤᠯᠤᠰ ᠤᠨ ᠨᠢᠭᠡᠳᠦᠯᠳᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠴᠢᠨᠠᠷ ᠰᠠᠶᠢᠳᠠᠢ ᠠᠬᠢᠭᠤᠯᠬᠤ ᠲᠠᠯ᠎ᠠ ᠪᠠᠷ ᠬᠠᠮᠤᠭ ᠤᠨ | ᠰᠠᠶᠢᠨ ᠠᠷᠭ᠎ᠠ ᠵᠠᠮ ᠢ ᠡᠷᠢᠯᠬᠢᠯᠡᠨ᠎ᠡ᠃ | 2. ᠠᠰᠠᠭᠤᠯᠳᠠ᠄ ᠬᠡᠷᠪᠡ ᠬᠢᠳᠠᠳ ᠬᠡᠯᠡᠨ ᠤ ᠠᠪᠢᠶᠠᠨ ᠤ ᠦᠰᠦᠭ ᠢ ᠡᠷᠬᠡᠪᠰᠢ ᠪᠠᠭ᠎ᠠ ᠰᠤᠷᠭᠠᠭᠤᠯᠢ ᠶᠢᠨ | ᠨᠢᠭᠡᠳᠦᠭᠡᠷ ᠤᠨ ᠠᠴᠠ ᠡᠬᠢᠯᠡᠨ ᠰᠤᠷᠬᠤ ᠳᠤ ᠬᠦᠷᠪᠡᠯ᠂ ᠮᠤᠩᠭᠤᠯ ᠬᠡᠯᠡᠨ ᠤ ᠴᠠᠭᠠᠨ ᠲᠤᠯᠤᠭᠠᠢ ᠶᠢ ᠰᠤᠷᠬᠤ ᠲᠠᠢ | ᠬᠤᠳᠬᠤᠯᠳᠤᠬᠤ ᠠᠴᠠ ᠵᠠᠶᠢᠯᠠᠰᠬᠢᠬᠦ ᠶᠢᠨ ᠲᠦᠯᠦᠭᠡ ᠬᠢᠴᠢᠶᠡᠯ ᠤᠨ ᠪᠠᠷᠢᠮᠵᠢᠶ᠎ᠠ᠂ ᠵᠢᠭᠠᠬᠤ ᠠᠭᠤᠯᠭ᠎ᠠ ᠶᠢ | ᠲᠤᠳᠤᠷᠬᠠᠶᠢᠯᠠᠵᠤ᠂ ᠪᠠᠭᠰᠢ ᠶᠢᠨ ᠲᠤᠬᠢᠷᠠᠭᠤᠯᠤᠯᠳᠠ᠂ ᠵᠢᠭᠠᠨ ᠰᠤᠷᠭᠠᠬᠤ ᠪᠡᠯᠡᠳᠭᠡᠯ ᠢ ᠰᠠᠶᠢᠨ ᠠᠳᠬᠤᠭᠰᠠᠨ | ᠰᠠᠭᠤᠷᠢᠨ ᠲᠡᠭᠡᠷ᠎ᠡ᠂ ᠦᠨᠳᠦᠰᠦᠳᠡᠨ ᠤ ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠠᠩᠭᠢ ᠶᠢ ᠰᠦᠪᠡᠭᠴᠢᠯᠡᠨ ᠨᠡᠭᠡᠭᠡᠵᠦ᠂ ᠮᠤᠩᠭᠤᠯ ᠬᠡᠯᠡᠨ ᠤ ᠴᠠᠭᠠᠨ ᠲᠤᠯᠤᠭᠠᠢ ᠶᠢ ᠤᠷᠢᠳᠴᠢᠯᠠᠨ ᠰᠤᠷᠴᠤ ᠪᠤᠯᠤᠨ᠎ᠠ | ᠤᠤ ᠦᠭᠡᠢ ᠤᠤ︖ | ᠬᠠᠷᠢᠭᠤᠯᠳᠠ᠄ ᠤᠳᠤᠬᠠᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠭᠠᠷᠭᠠᠵᠤ᠂ ︽ᠪᠠᠭ᠎ᠠ | ᠰᠤᠷᠭᠠᠭᠤᠯᠢᠴᠢᠯᠠᠭᠰᠠᠨ︾ ᠰᠤᠷᠭᠠᠨ ᠬᠦᠮᠦᠵᠢᠯ ᠢ ᠤᠷᠢᠳᠴᠢᠯᠠᠨ ᠬᠡᠷᠡᠭᠵᠢᠭᠦᠯᠬᠦ ᠶᠢ ᠤᠯᠤᠰ ᠠᠴᠠ ᠲᠤᠳᠤᠷᠬᠠᠢ | ᠴᠠᠭᠠᠵᠠᠯᠠᠵᠤ ᠪᠠᠶᠢᠨ᠎ᠠ᠂ ᠡᠨᠡ ᠪᠣᠯ ᠪᠠᠭ᠎ᠠ ᠰᠤᠷᠭᠠᠭᠤᠯᠢ ᠶᠢᠨ ᠲᠡᠭ ᠠᠴᠠ ᠡᠬᠢᠯᠡᠨ ᠵᠢᠭᠠᠨ ᠰᠤᠷᠭᠠᠬᠤ ᠶᠢᠨ | ᠭᠤᠤᠯᠳᠠᠯᠭ᠎ᠠ ᠲᠠᠢ ᠴᠡᠭᠴᠡᠯᠡᠬᠦ ᠠᠭᠤᠯᠭ᠎ᠠ ᠪᠤᠯᠤᠨ᠎ᠠ᠃ ᠵᠠᠷᠴᠢᠮ ᠲᠡᠭᠡᠷ᠎ᠡ ᠪᠠᠨ ᠡᠯ᠎ᠡ ᠭᠠᠵᠠᠷ ᠤᠷᠤᠨ ᠡᠯ᠎ᠡ | ᠰᠤᠷᠭᠠᠭᠤᠯᠢ ᠶᠢᠨ ᠬᠢᠨ ᠰᠤᠯᠤᠩᠭᠤᠰ ᠬᠡᠯᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠠᠴᠠ | ᠡᠬᠢᠯᠡᠨ ︽ᠬᠢᠳᠠᠳ ᠬᠡᠯᠡ ᠪᠢᠴᠢᠭ︾ ᠵᠢᠭᠠᠬᠰᠠᠨ ᠦᠨᠳᠦᠰᠦᠨ ᠲᠤᠷᠰᠢᠯᠭ᠎ᠠ ᠪᠠᠷ ᠯᠠᠪᠯᠠᠯᠳᠠ ᠪᠤᠯᠭᠠᠵᠤ᠂ | ᠮᠤᠩᠭᠤᠯ ᠢᠶᠠᠷ ᠬᠢᠴᠢᠶᠡᠯᠯᠡᠬᠦ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ︽ᠴᠠᠭ ᠢ ᠨᠢ ᠵᠦᠷᠢᠭᠦᠯᠬᠦ︾ ᠵᠢᠭᠠᠨ | ᠰᠤᠷᠭᠠᠯᠳᠠ ᠶᠢᠨ ᠠᠷᠭ᠎ᠠ ᠪᠤᠳᠤᠯᠭ᠎ᠠ ᠶᠢ ᠠᠪᠴᠤ᠂ ᠬᠡᠦᠬᠡᠳ ᠤᠨ ᠪᠡᠶ᠎ᠡ ᠰᠡᠳᠬᠢᠯ ᠤᠨ ᠬᠦᠭᠵᠢᠯᠳᠡ ᠳᠤ ᠨᠡᠶᠢᠴᠡᠭᠰᠡᠨ | ᠵᠢᠭᠠᠨ ᠰᠤᠷᠭᠠᠯᠳᠠ ᠶᠢ ᠬᠡᠷᠡᠭᠵᠢᠭᠦᠯᠬᠦ ᠠᠷᠭ᠎ᠠ ᠵᠠᠮ ᠢ ᠢᠳᠡᠪᠬᠢᠳᠡᠢ ᠰᠦᠪᠡᠭᠴᠢᠯᠡᠬᠦ ᠶᠢ ᠵᠤᠷᠢᠭᠵᠢᠭᠤᠯᠤᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠤᠷᠴᠢᠨ ᠲᠤᠭᠤᠷᠢᠨ ᠤᠨᠴᠠ ᠪᠠᠭᠤᠷᠠᠢ ᠭᠠᠵᠠᠷ ᠤᠷᠤᠨ ᠳᠤ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠶᠢ ᠭᠠᠷᠭᠠᠵᠤ ᠪᠤᠯᠬᠤ ᠡᠰᠡᠬᠦ ᠲᠤᠬᠠᠢ ᠪᠢᠳᠠ ᠪᠠᠰᠠ ᠭᠦᠨᠵᠡᠭᠡᠢ | ᠪᠠᠶᠢᠴᠠᠭᠠᠨ ᠰᠤᠳᠤᠯᠤᠯᠳᠠ ᠬᠢᠵᠦ᠂ ᠪᠤᠳᠠᠳᠤ ᠪᠠᠶᠢᠳᠠᠯ ᠳᠤ ᠨᠡᠩ ᠢᠯᠡᠭᠦᠦ ᠨᠡᠶᠢᠴᠡᠭᠰᠡᠨ ᠰᠠᠨᠠᠯ ᠢ ᠲᠤᠷᠠᠳᠴᠦ᠂ | ᠴᠢᠬᠤᠯᠠ ᠲᠠᠢ ᠦᠶ᠎ᠡ ᠳᠤ ᠤᠯᠤᠰ ᠤᠨ ᠰᠤᠷᠭᠠᠨ ᠬᠦᠮᠦᠵᠢᠯ ᠤᠨ ᠶᠠᠮᠤᠨ ᠠᠴᠠ ᠲᠡᠮᠵᠢᠯᠭᠡ ᠦᠭᠬᠦ ᠶᠢ ᠵᠦᠪᠯᠡᠨ | ᠭᠤᠶᠤᠴᠢᠯᠠᠨ᠎ᠠ᠃ | 3. ᠠᠰᠠᠭᠤᠯᠳᠠ᠄ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠨᠢᠭᠡᠳᠦᠯᠳᠡᠢ | ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠨᠢᠭᠡᠴᠢ ᠪᠦᠷᠢ ᠳᠤ ᠲᠦᠷᠪᠡᠨ ᠬᠢᠴᠢᠶᠡᠯ ᠲᠠᠢ᠂ | ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠦᠨᠳᠦᠰᠦᠳᠡᠨ ᠤ ᠰᠤᠷᠭᠠᠭᠤᠯᠢ ᠨᠢ ᠰᠤᠩᠭᠤᠯᠳᠠ ᠲᠠᠢ ᠵᠢᠭᠠᠨ | ᠰᠤᠷᠭᠠᠯᠳᠠ ᠶᠢ ᠬᠡᠷᠡᠭᠵᠢᠭᠦᠯᠵᠦ ᠪᠤᠯᠤᠨ᠎ᠠ ᠭᠡᠵᠤ ᠢᠯᠡᠷᠬᠡᠶᠢᠯᠡᠪᠡ᠃ ᠵᠢᠭᠠᠨ ᠰᠤᠷᠭᠠᠬᠤ ᠶᠠᠰᠤ ᠴᠢᠨᠠᠷ ᠪᠠ | ᠰᠤᠷᠤᠭᠴᠢᠳ ᠤᠨ ᠬᠢᠷᠢ ᠪᠦᠳᠦᠮᠵᠢ ᠶᠢ ᠪᠠᠳᠤᠯᠠᠬᠤ ᠶᠢᠨ ᠲᠦᠯᠦᠭᠡ ᠨᠢᠭᠡᠴᠢ ᠪᠦᠷᠢ ᠶᠢᠨ ᠡᠷᠬᠡᠪᠰᠢ ᠤᠩᠰᠢᠬᠤ᠂ | ᠰᠤᠩᠭᠤᠨ ᠤᠩᠰᠢᠬᠤ᠂ ᠬᠢᠴᠢᠶᠡᠯ ᠤᠨ ᠭᠠᠳᠠᠭᠤᠷᠬᠢ ᠤᠩᠰᠢᠬᠤ ᠰᠢᠯᠦᠭ ᠵᠤᠬᠢᠶᠠᠯ ᠢ ᠨᠢᠭᠡ ᠨᠢᠭᠡ ᠪᠠᠷ | ᠲᠤᠳᠤᠷᠬᠠᠶᠢᠯᠠᠵᠤ ᠦᠭᠴᠦ ᠲᠡᠶᠢᠯᠤᠨ᠎ᠡ ᠤᠤ︖ | ᠬᠠᠷᠢᠭᠤᠯᠳᠠ᠄ ᠦᠪᠡᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠭ ᠠᠴᠠ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢ ᠰᠤᠳᠤᠯᠬᠤ ᠶᠠᠪᠤᠴᠠ ᠳᠠᠭᠠᠨ ᠬᠢᠴᠢᠶᠡᠯᠯᠡᠬᠦ ᠴᠠᠭ ᠤᠨ ᠲᠤᠭ᠎ᠠ ᠶᠤᠰᠤᠭᠠᠷ ᠵᠢᠭᠠᠬᠤ | ᠮᠠᠲ᠋ᠧᠷᠢᠶᠠᠯ ᠤᠨ ᠠᠭᠤᠯᠭ᠎ᠠ ᠪᠠ ᠬᠡᠷᠡᠭᠯᠡᠬᠦ ᠱᠠᠭᠠᠷᠳᠠᠯᠭ᠎ᠠ ᠳᠤ ᠵᠤᠬᠢᠰᠳᠠᠢ ᠲᠤᠬᠢᠷᠠᠭᠤᠯᠤᠯᠳᠠ ᠬᠢᠵᠦ᠂ ᠠᠭᠤᠯᠭ᠎ᠠ ᠶᠢᠨ | ᠲᠠᠯ᠎ᠠ ᠪᠠᠷ ᠬᠠᠰᠤᠯᠳᠠ ᠬᠢᠪᠡ᠃ ᠨᠢᠭᠡ ᠲᠠᠯ᠎ᠠ ᠪᠠᠷ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠵᠢᠷᠤᠮᠯᠠᠬᠤ ᠪᠠ | ᠨᠢᠭᠡᠴᠢ ᠶᠢᠨ ᠮᠡᠳᠡᠯᠭᠡ ᠶᠢᠨ ᠰᠢᠰᠲ᠋ᠧᠮ ᠢ ᠪᠦᠷᠢᠨ ᠪᠦᠳᠦᠨ ᠢᠶᠠᠷ ᠵᠤᠯᠭᠠᠭᠤᠯᠤᠭᠰᠠᠨ ᠰᠠᠭᠤᠷᠢᠨ ᠲᠡᠭᠡᠷ᠎ᠡ᠂ | ᠬᠢᠴᠢᠶᠡᠯ ᠤᠨ ᠠᠭᠤᠯᠭ᠎ᠠ ᠳᠤ ᠬᠠᠰᠤᠯᠳᠠ ᠬᠢᠵᠦ᠂ ᠨᠠᠷᠢᠨ ᠤᠩᠰᠢᠬᠤ ᠰᠢᠯᠦᠭ ᠵᠤᠬᠢᠶᠠᠯ ᠢ ᠭᠤᠤᠯᠳᠠᠯᠭ᠎ᠠ ᠲᠠᠢ | ᠲᠤᠬᠢᠷᠠᠭᠤᠯᠤᠨ ᠬᠠᠰᠤᠵᠤ᠂ ᠨᠠᠷᠢᠨ ᠤᠩᠰᠢᠬᠤ᠂ ᠲᠠᠭᠠᠵᠤ ᠤᠩᠰᠢᠬᠤ᠂ ᠦᠪᠡᠰᠦᠪᠡᠨ ᠤᠩᠰᠢᠬᠤ ᠪᠤᠯᠤᠨ | ᠬᠢᠴᠢᠶᠡᠯ ᠤᠨ ᠭᠠᠳᠠᠭᠤᠷᠬᠢ ᠤᠩᠰᠢᠬᠤ ᠰᠢᠯᠦᠭ ᠵᠤᠬᠢᠶᠠᠯ ᠢ ᠲᠤᠳᠤᠷᠬᠠᠶᠢᠯᠠᠵᠤ᠂ ᠰᠤᠷᠤᠭᠴᠢᠳ ᠤᠨ ᠰᠤᠷᠤᠯᠭ᠎ᠠ ᠶᠢᠨ | ᠲᠠᠷᠤᠭᠠᠰᠤ ᠶᠢ ᠬᠦᠩᠭᠡᠷᠡᠭᠦᠯᠪᠡ᠃ ᠨᠦᠭᠦᠭᠡ ᠲᠠᠯ᠎ᠠ ᠪᠠᠷ᠂ ᠵᠢᠭᠠᠨ ᠰᠤᠷᠭᠠᠯᠳᠠ ᠶᠢᠨ ᠦᠨᠡᠯᠡᠯᠳᠡ ᠳᠤ ᠦᠨᠳᠦᠰᠦᠨ | ᠱᠠᠭᠠᠷᠳᠠᠯᠭ᠎ᠠ ᠲᠤᠷᠠᠳᠴᠤ᠂ ᠡᠯ᠎ᠡ ᠭᠠᠵᠠᠷ ᠤᠨ ᠬᠢᠨ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠪᠠᠳᠤᠯᠠᠭᠰᠠᠨ ᠰᠠᠭᠤᠷᠢᠨ ᠲᠡᠭᠡᠷ᠎ᠡ᠂ ᠪᠠᠭᠰᠢ ᠪᠠ ᠰᠤᠷᠤᠭᠴᠢ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠵᠢᠭᠠᠬᠤ | ᠠᠭᠤᠯᠭ᠎ᠠ ᠪᠠᠨ ᠵᠤᠬᠢᠰᠳᠠᠢ ᠪᠠᠷ ᠦᠷᠭᠡᠳᠭᠡᠵᠦ ᠪᠤᠯᠤᠨ᠎ᠠ᠃ | 4. ᠠᠰᠠᠭᠤᠯᠲᠠ᠄ ᠦᠨᠳᠦᠰᠦᠲᠡᠨ ᠤ ᠰᠤᠷᠭᠠᠭᠤᠯᠢ ᠳᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠠᠬᠢᠭᠤᠯᠬᠤ ᠶᠢ ᠦᠨᠡᠨᠬᠦ ᠪᠠᠲᠤᠯᠠᠬᠤ ᠶᠢᠨ ᠲᠦᠯᠦᠭᠡ ᠰᠢᠯᠵᠢᠯᠲᠡ ᠶᠢᠨ | ᠬᠤᠭᠤᠴᠠᠭᠠᠨ ᠳᠤ ᠬᠠᠪᠰᠤᠷᠤᠨ ᠵᠢᠯᠤᠭᠤᠳᠤᠭᠴᠢ ᠶᠢᠨ ᠳᠦᠷᠢᠮ ᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠳᠡᠬᠦ ᠰᠤᠷᠤᠭᠴᠢᠳ ᠲᠤ ᠬᠢᠴᠢᠶᠡᠯ ᠤᠨ ᠳᠠᠷᠠᠭᠠᠬᠢ | ᠦᠢᠯᠡᠴᠢᠯᠡᠭᠡ ᠬᠠᠩᠭᠠᠬᠤ ᠠᠷᠭ᠎ᠠ ᠬᠡᠮᠵᠢᠶ᠎ᠡ ᠨᠢ ᠰᠤᠷᠤᠭᠴᠢᠳ ᠤᠨ ᠬᠢᠴᠢᠶᠡᠯ ᠤᠨ ᠳᠠᠷᠤᠭᠠᠰᠤ ᠶᠢ ᠬᠦᠨᠳᠦᠷᠡᠭᠦᠯᠬᠦ | ᠮᠠᠭᠠᠳ ᠦᠭᠡᠢ᠃ ᠡᠨᠡ ᠨᠢ ᠤᠯᠤᠰ ᠠᠴᠠ ᠰᠤᠷᠤᠭᠴᠢᠳ ᠤᠨ ᠳᠠᠷᠤᠭᠠᠰᠤ ᠶᠢ ᠬᠦᠩᠭᠡᠷᠡᠭᠦᠯᠬᠦ ᠲᠦᠷᠦ ᠶᠢᠨ | ᠪᠤᠳᠤᠯᠭ᠎ᠠ ᠲᠠᠢ ᠵᠤᠬᠢᠬᠤ ᠬᠡᠮᠵᠢᠶᠡᠨ᠎ᠡ ᠨᠢᠭᠡᠲᠦᠯ ᠦᠭᠡᠢ ᠪᠤᠯᠵᠤ ᠪᠠᠶᠢᠨ᠎ᠠ᠃ ᠡᠭᠦᠨ ᠢ ᠰᠢᠢᠳᠪᠦᠷᠢᠯᠡᠬᠦ ᠪᠤᠳᠠᠳᠠᠢ | ᠠᠷᠭ᠎ᠠ ᠬᠡᠮᠵᠢᠶ᠎ᠡ ᠪᠠᠶᠢᠬᠤ ᠡᠰᠡᠬᠦ︖ | ᠬᠠᠷᠢᠭᠤᠯᠲᠠ᠄ ᠦᠨᠳᠦᠰᠦᠲᠡᠨ ᠤ ᠰᠤᠷᠭᠠᠭᠤᠯᠢ ᠳᠤ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠵᠦ᠂ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠲᠦᠯᠦᠭᠡ ᠰᠢᠯᠵᠢᠯᠲᠡ ᠶᠢᠨ | ᠬᠤᠭᠤᠴᠠᠭᠠᠨ ᠳᠤ ᠬᠠᠪᠰᠤᠷᠤᠨ ᠵᠢᠯᠤᠭᠤᠳᠤᠭᠴᠢ ᠶᠢᠨ ᠳᠦᠷᠢᠮ ᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠳᠡᠬᠦ ᠰᠤᠷᠤᠭᠴᠢᠳ ᠤᠨ ᠬᠢᠴᠢᠶᠡᠯ ᠤᠨ ᠭᠠᠳᠠᠭᠤᠷᠬᠢ | ᠤᠩᠰᠢᠯᠭ᠎ᠠ᠂ ᠳᠠᠰᠬᠠᠯ ᠢ ᠬᠠᠪᠰᠤᠷᠣᠨ ᠵᠢᠯᠤᠭᠤᠳᠬᠤ᠂ ᠮᠠᠳᠠᠭ ᠲᠠᠢ ᠵᠦᠢᠯᠡᠰ ᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ | ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠨ᠎ᠠ᠂ ᠡᠨᠡ ᠨᠢ ᠤᠯᠤᠰ ᠤᠨ ᠰᠤᠷᠤᠭᠴᠢᠳ ᠤᠨ ᠳᠠᠷᠤᠭᠠᠰᠤ ᠶᠢ | ᠬᠦᠩᠬᠡᠷᠡᠭᠦᠯᠬᠦ ᠲᠦᠷᠦ ᠶᠢᠨ ᠪᠤᠳᠤᠯᠭ᠎ᠠ ᠲᠠᠢ ᠵᠦᠷᠢᠴᠡᠯᠳᠦᠬᠦ ᠦᠭᠡᠢ ᠶᠤᠮ᠃ ᠳᠤᠮᠳᠠᠳᠤ ᠪᠠᠭ᠎ᠠ ᠰᠤᠷᠭᠠᠭᠤᠯᠢ ᠳᠤ | ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠨᠢ ᠰᠤᠷᠤᠯᠴᠠᠯᠭ᠎ᠠ ᠶᠢᠨ ᠤᠷᠤᠨ ᠵᠠᠢ ᠶᠢ ᠦᠷᠭᠡᠳᠭᠡᠬᠦ᠂ ᠬᠡᠪ | ᠴᠢᠨᠠᠷ ᠤᠨ ᠰᠤᠷᠭᠠᠨ ᠬᠦᠮᠦᠵᠢᠯ ᠢ ᠬᠦᠭᠵᠢᠭᠦᠯᠭᠦ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠵᠠᠮ ᠮᠦᠨ᠃ ᠬᠢᠴᠢᠶᠡᠯ ᠤᠨ ᠳᠠᠷᠠᠭᠠᠬᠢ ᠦᠢᠯᠡᠴᠢᠯᠡᠭᠡ | ᠬᠠᠩᠭᠠᠬᠤ ᠶᠢ ᠵᠢᠷᠤᠮᠵᠢᠭᠤᠯᠬᠤ ᠶᠢᠨ ᠲᠦᠯᠦᠭᠡ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ | ᠵᠡᠷᠭᠡ ᠲᠠᠪᠤᠨ ᠰᠠᠯᠠᠭ᠎ᠠ ᠮᠦᠴᠢᠷ ᠡᠨᠡ ᠵᠢᠯ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠠᠵᠢᠯ ᠢ ᠤᠯᠠᠮ ᠴᠢᠨᠠᠬᠰᠢᠳᠠ ᠴᠢᠩᠭᠠᠳᠬᠠᠨ ᠵᠢᠷᠤᠮᠵᠢᠭᠤᠯᠬᠤ ᠲᠤᠬᠠᠢ ᠮᠡᠳᠡᠭᠳᠡᠯ︾ | ᠭᠠᠷᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠡᠳᠡᠭᠡᠳ ᠪᠠ ᠴᠠᠭ ᠢ ᠵᠢᠷᠤᠮᠵᠢᠭᠤᠯᠵᠠᠢ᠃ ᠵᠠᠷᠴᠢᠮ | ᠳᠡᠭᠡᠷ᠎ᠡ ᠪᠠᠨ ᠪᠠᠭ᠎ᠠ ᠰᠤᠷᠭᠠᠭᠤᠯᠢ 17 ᠴᠠᠭ 30 ᠮᠢᠨᠦ᠋ᠲ᠂ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ 18 | ᠴᠠᠭ ᠠᠴᠠ ᠤᠷᠦ᠋ᠢᠳᠠᠵᠤ ᠪᠤᠯᠬᠤ ᠦᠭᠡᠢ᠃ ᠡᠭᠦᠨ ᠤ ᠬᠠᠮᠲᠤ᠂ ᠦᠢᠯᠡᠴᠢᠯᠡᠬᠦ ᠠᠭᠤᠯᠭ᠎ᠠ ᠪᠠ ᠬᠡᠯᠪᠡᠷᠢ ᠶᠢᠨ | ᠲᠠᠯ᠎ᠠ ᠪᠠᠷ ᠪᠠᠰᠠ ᠵᠢᠷᠤᠮᠵᠢᠭᠤᠯᠤᠬᠰᠠᠨ ᠪᠠᠶᠢᠨ᠎ᠠ᠃ ᠪᠠᠭ᠎ᠠ ᠰᠤᠷᠭᠠᠭᠤᠯᠢ ᠶᠢᠨ ᠨᠢᠭᠡ᠂ ᠬᠤᠶᠠᠳᠤᠭᠠᠷ ᠣᠨ ᠨᠢ | ᠨᠡᠶᠢᠲᠡ ᠶᠢᠨ ᠬᠦᠳᠡᠯᠭᠡᠭᠡᠨ᠂ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠦᠢᠯᠡᠳᠦᠯᠭᠡ ᠶᠢᠨ ᠠᠵᠢᠯᠯᠠᠭ᠎ᠠ᠂ ᠭᠠᠷ | ᠤᠷᠠᠯᠠᠯ ᠤᠨ ᠵᠦᠢᠯᠡᠰ ᠢᠶᠠᠷ ᠭᠤᠣᠯᠯᠠᠨ᠎ᠠ︔ ᠭᠤᠷᠪᠠ ᠠᠴᠠ ᠵᠢᠷᠭᠤᠳᠤᠭᠠᠷ ᠣᠨ ᠨᠢ ᠬᠢᠴᠢᠶᠡᠯ ᠤᠨ ᠭᠠᠳᠠᠭᠤᠷᠬᠢ | ᠤᠩᠰᠢᠯᠭ᠎ᠠ᠂ ᠳᠠᠰᠬᠠᠯ ᠤᠨ ᠵᠢᠯᠤᠭᠤᠳᠤᠮᠵᠢ᠂ ᠲᠤᠷ᠎ᠠ ᠰᠤᠨᠢᠷᠬᠠᠯ ᠤᠨ ᠳᠤᠭᠤᠶᠢᠯᠠᠩ᠂ ᠨᠡᠶᠢᠲᠡ ᠶᠢᠨ ᠬᠦᠳᠡᠯᠭᠡᠭᠡᠨ᠂ | ᠶᠡᠷᠦᠩᠬᠡᠶᠢᠯᠡᠭᠰᠡᠨ ᠦᠢᠯᠡᠳᠦᠯᠭᠡ ᠪᠠᠷ ᠭᠤᠣᠯᠯᠠᠨ᠎ᠠ︔ ᠠᠩᠬ᠎ᠠ ᠵᠡᠷᠭᠡ ᠶᠢᠨ ᠲᠤᠮᠳᠠᠲᠤ ᠰᠤᠷᠭᠠᠭᠤᠯᠢ ᠶᠢᠨ ᠠᠩᠬᠢ ᠨᠢ | ᠲᠠᠰᠬᠠᠯ ᠤᠨ ᠵᠢᠯᠤᠭᠤᠳᠤᠮᠵᠢ᠂ ᠮᠠᠳᠠᠭ ᠲᠠᠢ ᠵᠦᠢᠯᠡᠰ ᠢ ᠲᠠᠶᠢᠯᠪᠤᠷᠢᠯᠠᠬᠤ᠂ ᠬᠢᠴᠢᠶᠡᠯ ᠤᠨ ᠭᠠᠳᠠᠭᠤᠷᠬᠢ ᠤᠩᠰᠢᠯᠭ᠎ᠠ᠂ | ᠨᠡᠶᠢᠭᠡᠮᠯᠢᠭ ᠤᠨ ᠠᠵᠢᠯᠯᠠᠭ᠎ᠠ᠂ ᠶᠡᠷᠦᠩᠬᠡᠶᠢᠯᠡᠭᠰᠡᠨ ᠦᠢᠯᠡᠳᠦᠯᠭᠡ ᠪᠠᠷ ᠭᠤᠤᠯᠯᠠᠨ᠎ᠠ᠃ ᠦᠨᠳᠦᠰᠦᠲᠡᠨ ᠤ ᠬᠡᠯᠡ ᠪᠠᠷ | ᠬᠢᠴᠢᠶᠡᠯᠯᠡᠵᠦ ᠪᠠᠶᠢᠬᠤ ᠰᠤᠷᠭᠠᠭᠤᠯᠢ ᠶᠢᠨ ᠬᠠᠪᠰᠤᠷᠤᠨ ᠵᠢᠯᠤᠭᠤᠳᠤᠭᠴᠢ ᠬᠢᠴᠢᠶᠡᠯ ᠤᠨ ᠳᠠᠷᠠᠭᠠᠬᠢ ᠦᠢᠯᠡᠴᠢᠯᠡᠭᠡ | ᠦᠷᠨᠢᠭᠦᠯᠭᠦ ᠨᠢ ᠰᠤᠷᠤᠭᠴᠢᠳ ᠤᠨ ᠬᠡᠷᠡᠭᠴᠡᠭᠡ ᠪᠠ ᠭᠡᠷ ᠤᠨ ᠠᠬᠠᠮᠠᠳ ᠤᠨ ᠬᠦᠰᠡᠯ ᠢ ᠦᠨᠳᠦᠰᠦᠯᠡᠵᠦ ᠵᠤᠬᠢᠶᠠᠨ | ᠪᠠᠶᠢᠭᠤᠯᠤᠨ ᠬᠢᠵᠦ ᠪᠠᠶᠢᠭ᠎ᠠ ᠶᠠᠪᠤᠳᠠᠯ ᠪᠤᠯᠤᠨ᠎ᠠ᠂ ᠡᠩ ᠤᠨ ᠵᠢᠭᠠᠨ ᠰᠤᠷᠭᠠᠯᠳᠠ ᠶᠢᠨ ᠨᠦᠬᠦᠪᠦᠷᠢᠯᠡᠯ ᠪᠠ ᠬᠡᠪ ᠤᠨ | ᠰᠤᠷᠭᠠᠯᠲᠠ ᠶᠢᠨ ᠬᠠᠪᠰᠤᠷᠤᠨ ᠵᠢᠯᠤᠭᠤᠳᠤᠮᠵᠢ ᠪᠤᠯᠤᠨ᠎ᠠ᠂ ᠰᠤᠷᠤᠭᠴᠢᠳ ᠤᠨ ᠬᠢᠴᠢᠶᠡᠯ ᠤᠨ ᠳᠠᠷᠤᠭᠠᠰᠤ ᠶᠢ | ᠬᠦᠨᠳᠦᠷᠦᠭᠦᠯᠵᠦ ᠪᠠᠶᠢᠬᠤ ᠠᠵᠢᠯᠯᠠᠭ᠎ᠠ ᠪᠢᠰᠢ ᠶᠤᠮ᠃ | 5. ᠠᠰᠠᠭᠤᠯᠲᠠ : ᠥᠨᠳᠦᠰᠦᠲᠡᠨ ᠤ ᠰᠤᠷᠭᠠᠭᠤᠯᠢ ᠶᠢᠨ ᠰᠤᠷᠤᠭᠴᠢᠳ ᠤᠨ ᠬᠢᠲᠠᠳ ᠬᠡᠯᠡᠨ ᠤ ᠰᠠᠭᠤᠷᠢ | ᠮᠠᠰᠢ ᠪᠠᠭᠤᠷᠠᠢ᠂ ᠠᠩᠬ᠎ᠠ ᠳᠤᠮᠳᠠᠳᠤ ᠶᠢᠨ ᠨᠢᠭᠡᠳᠦᠭᠡᠷ ᠤᠨ ᠤ ᠰᠤᠷᠤᠭᠴᠢᠳ ᠤᠨ ᠬᠢᠲᠠᠳ ᠬᠡᠯᠡᠨ ᠤ ᠬᠢᠷᠢ | ᠬᠡᠮᠵᠢᠶ᠎ᠡ ᠨᠢ ᠬᠢᠲᠠᠳ ᠢᠶᠠᠷ ᠬᠢᠴᠢᠶᠡᠯᠯᠡᠬᠦ ᠰᠤᠷᠤᠭᠴᠢᠳ ᠤᠨ ᠭᠤᠷᠪᠠ᠂ ᠳᠥᠷᠪᠡᠳᠦᠭᠡᠷ ᠣᠨ ᠤ ᠬᠢᠷᠢ ᠬᠡᠮᠵᠢᠶ᠎ᠡ ᠲᠠᠢ | ᠯᠡ ᠲᠡᠩᠴᠡᠨ᠎ᠡ᠃ ᠬᠡᠷᠪᠡ ᠡᠨᠡ ᠵᠢᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠠᠴᠠ | ᠡᠬᠢᠯᠡᠨ ᠤᠯᠤᠰ ᠤᠨ ᠨᠢᠭᠡᠲᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ | ᠬᠦᠷᠪᠡᠯ᠂ ᠪᠠᠭ᠎ᠠ ᠰᠤᠷᠭᠠᠭᠤᠯᠢ ᠪᠣᠯᠣᠨ ᠠᠩᠬ᠎ᠠ ᠳᠤᠮᠳᠠᠳᠤ ᠶᠢᠨ ᠬᠡᠯᠡ ᠪᠢᠴᠢᠭ ᠤᠨ ᠬᠢᠴᠢᠶᠡᠯ ᠤᠨ ᠮᠡᠳᠡᠯᠭᠡ | ᠬᠤᠭᠤᠷᠣᠨᠳᠤ ᠪᠠᠨ ᠲᠠᠰᠤᠷᠠᠵᠤ᠂ ᠰᠤᠷᠤᠯᠭ᠎ᠠ ᠳᠠᠭᠠᠵᠤ ᠠᠮᠵᠢᠬᠤ ᠦᠭᠡᠢ ᠪᠣᠯᠣᠭᠠᠳ᠂ ᠬᠢᠷᠢ ᠬᠡᠮᠵᠢᠶ᠎ᠡ ᠨᠢ | ᠳᠤᠷᠤᠭᠰᠢᠯᠠᠬᠤ ᠪᠤᠯᠤᠨ᠎ᠠ᠂ ᠲᠡᠭᠡᠪᠡᠯ ᠪᠠᠭ᠎ᠠ ᠰᠤᠷᠭᠠᠭᠤᠯᠢ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ | ᠬᠢᠴᠢᠶᠡᠯ ᠢ ᠬᠡᠷᠬᠢᠨ ᠵᠤᠯᠭᠠᠭᠤᠯᠬᠤ ᠪᠤᠢ︖ ᠬᠡᠷᠪᠡ ᠰᠤᠷᠤᠭᠴᠢᠳ ᠡᠭᠦᠨ ᠠᠴᠠ ᠪᠣᠯᠵᠣ ᠢᠯᠠᠭᠳᠠᠯ ᠳᠤ ᠤᠴᠠᠷᠠᠭᠠᠳ | ᠰᠤᠷᠤᠯᠭ᠎ᠠ ᠶᠢᠨ ᠤᠷᠮ᠎ᠠ ᠬᠤᠭᠤᠷᠠᠪᠠᠯ ᠶᠠᠮᠠᠷ ᠠᠷᠭ᠎ᠠ ᠪᠠᠷ ᠬᠠᠪᠰᠣᠷᠤᠨ ᠳᠡᠮᠵᠢᠵᠦ ᠰᠢᠢᠳᠪᠦᠷᠢᠯᠡᠬᠦ ᠪᠣᠢ︖ | ᠬᠠᠷᠢᠭᠤᠯᠲᠠ᠄ ᠵᠢᠭᠠᠬᠤ ᠮᠠᠲ᠋ᠧᠷᠢᠶᠠᠯ ᠢ ᠵᠠᠳᠠᠯᠵᠦ ᠰᠢᠨᠵᠢᠯᠡᠭᠰᠡᠨ ᠢᠶᠠᠷ᠂ ᠦᠨᠳᠦᠰᠦᠳᠡᠨ ᠤ ᠬᠡᠯᠡ ᠪᠠᠷ | ᠬᠢᠴᠢᠶᠡᠯᠯᠡᠬᠦ ᠰᠤᠷᠭᠠᠭᠤᠯᠢ ᠨᠤᠭᠤᠳ ᠤᠨ ᠤᠤᠯ ᠤᠨ ᠬᠡᠷᠡᠭᠯᠡᠵᠦ ᠪᠠᠶᠢᠭᠰᠠᠨ ︽ᠬᠢᠲᠠᠳ ᠬᠡᠯᠡ ᠪᠢᠴᠢᠭ︾ ᠤᠨ | ᠵᠢᠭᠠᠬᠤ ᠮᠠᠲ᠋ᠧᠷᠢᠶᠠᠯ ᠨᠢ ᠳᠦᠭᠦᠮ ᠰᠢᠭ᠂ ᠭᠤᠣᠯᠳᠠᠭᠤ ᠤᠩᠰᠢᠬᠤ ᠵᠤᠬᠢᠶᠠᠯ ᠤᠨ ᠬᠡᠪᠴᠢᠶ᠎ᠡ ᠪᠠᠭ᠎ᠠ᠂ | ᠰᠤᠷᠤᠭᠴᠢᠳ ᠤᠨ ᠡᠵᠡᠮᠰᠢᠬᠦ ᠦᠭᠡᠰ ᠤᠨ ᠲᠤᠭ᠎ᠠ ᠴᠦᠬᠡᠨ᠂ ᠵᠣᠬᠢᠶᠠᠨ ᠪᠢᠴᠢᠬᠦ ᠵᠢᠭᠠᠨ ᠰᠤᠷᠭᠠᠯᠲᠠ ᠳᠣᠷᠤᠢ ᠰᠢᠭ᠋ | ᠪᠠᠶᠢᠳᠠᠯ ᠣᠷᠤᠰᠢᠵᠦ ᠪᠠᠶᠢᠨ᠎ᠠ᠃ ᠭᠡᠪᠡᠴᠦ ᠡᠯ᠎ᠡ ᠭᠠᠵᠠᠷ ᠤᠨ ᠬᠢᠲᠠᠳ ᠬᠡᠯᠡᠨ ᠤ ᠰᠠᠭᠤᠷᠢ ᠶᠢᠨ ᠣᠷᠴᠢᠨ ᠲᠣᠭᠤᠷᠢᠨ | ᠪᠠ ᠪᠠᠭᠰᠢ ᠨᠠᠷ ᠤᠨ ᠵᠢᠭᠠᠬᠤ ᠠᠷᠭ᠎ᠠ ᠪᠠ ᠬᠡᠯᠪᠡᠷᠢ ᠶᠢᠨ ᠠᠳᠠᠯᠢ ᠦᠭᠡᠢ ᠠᠴᠠ ᠪᠣᠯᠵᠤ᠂ ᠰᠤᠷᠤᠭᠴᠢᠳ ᠤᠨ | ᠮᠡᠳᠡᠯᠭᠡ ᠶᠢᠨ ᠬᠡᠮᠵᠢᠶ᠎ᠡ ᠪᠠᠰᠠ ᠠᠳᠠᠯᠢ ᠦᠭᠡᠢ ᠪᠠᠶᠢᠨ᠎ᠠ᠃ ᠣᠳᠤᠬᠠᠨ ᠳᠤ᠂ ᠥᠪᠡᠷᠲᠡᠭᠡᠨ ᠵᠠᠰᠠᠬᠤ ᠣᠷᠣᠨ ᠤ | ᠵᠢᠭᠠᠬᠤ ᠶᠢ ᠰᠣᠳᠤᠯᠬᠤ ᠲᠠᠰᠤᠭ ᠠᠴᠠ ᠲᠣᠭᠲᠠᠭᠠᠭᠰᠠᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠣᠮᠳᠠᠳᠣ ᠪᠠᠭ᠎ᠠ | ᠰᠤᠷᠭᠠᠭᠤᠯᠢ ᠳᠤ ᠬᠡᠷᠡᠭᠯᠡᠬᠦ ᠤᠯᠣᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠯᠣᠭᠤᠳᠬᠤ | ᠰᠠᠨᠠᠯ ᠢ ᠥᠨᠳᠦᠰᠦᠯᠡᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ | ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠳᠡᠭᠡᠳᠦ ᠳᠡᠪᠲᠡᠷ ᠤᠨ ᠭᠤᠤᠯ | ᠠᠭᠤᠯᠭ᠎ᠠ ᠨᠢ ᠤᠩᠰᠢᠬᠤ ᠪᠠ ᠵᠣᠬᠢᠶᠠᠨ ᠪᠢᠴᠢᠬᠦ ᠵᠢᠭᠠᠨ ᠰᠤᠷᠭᠠᠯᠲᠠ ᠪᠤᠯᠬᠤ ᠪᠤᠳᠠᠳᠠᠢ ᠪᠠᠶᠢᠳᠠᠯ ᠢ ᠦᠨᠳᠦᠰᠦᠯᠡᠵᠦ᠂ | ᠬᠦᠴᠢᠷᠳᠡᠯ ᠪᠠ ᠭᠤᠣᠯᠳᠠᠯᠭ᠎ᠠ ᠶᠢᠨ ᠲᠠᠯ᠎ᠠ ᠪᠠᠷ ᠵᠣᠬᠢᠰᠲᠠᠢ ᠲᠣᠬᠢᠷᠠᠭᠤᠯᠵᠤ᠂ ᠬᠦᠴᠢᠷᠳᠡᠯ ᠢ ᠪᠠᠭᠠᠰᠬᠠᠭᠰᠠᠨ ᠪᠠᠶᠢᠨ᠎ᠠ᠂ | ᠡᠭᠦᠨ ᠤ ᠵᠣᠷᠢᠯᠭ᠎ᠠ ᠨᠢ ᠪᠣᠯ ᠡᠨᠡ ᠬᠦ ︽ᠲᠠᠰᠤᠯᠳᠠᠯ︾ ᠢ ᠰᠢᠢᠳᠪᠦᠷᠢᠯᠡᠬᠦ ᠶᠢᠨ ᠲᠥᠯᠦᠭᠡ ᠶᠤᠮ᠃ ᠡᠭᠦᠨ ᠤ | ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠵᠢᠭᠠᠬᠤ ᠶᠢ ᠰᠤᠳᠤᠯᠬᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠲᠤᠰᠬᠠᠢ ᠬᠦᠴᠦᠨ ᠢ ᠵᠣᠬᠢᠶᠠᠨ ᠪᠠᠶᠢᠭᠤᠯᠤᠨ ᠰᠤᠷᠤᠭᠴᠢᠳ ᠤᠨ ᠦᠰᠦᠭ ᠲᠠᠨᠢᠬᠤ ᠬᠡᠮᠵᠢᠶ᠎ᠡ ᠪᠠ ᠵᠣᠬᠢᠶᠠᠨ | ᠪᠢᠴᠢᠯᠭᠡ ᠶᠢᠨ ᠵᠢᠭᠠᠨ ᠰᠤᠷᠭᠠᠯᠳᠠ ᠶᠢ ᠵᠤᠯᠭᠠᠭᠤᠯᠬᠤ ᠠᠰᠠᠭᠤᠳᠠᠯ ᠢ ᠰᠤᠳᠤᠯᠵᠤ᠂ ︽ᠮᠣᠩᠭᠤᠯ ᠬᠢᠲᠠᠳ | ᠬᠠᠷᠢᠴᠠᠭᠤᠯᠤᠭᠰᠠᠨ ᠬᠦᠨᠳᠦ ᠦᠭᠡᠰ ᠤᠨ ᠭᠠᠷ ᠠᠪᠤᠯᠭ᠎ᠠ︾ ᠶᠢ ᠨᠠᠶᠢᠷᠠᠭᠤᠯᠵᠤ᠂ ᠪᠠᠭᠰᠢ ᠰᠤᠷᠤᠭᠴᠢᠳ ᠤᠨ | ᠰᠤᠷᠤᠯᠴᠠᠬᠤ ᠳᠤ ᠳᠦᠭᠦᠮ ᠦᠵᠡᠭᠦᠯᠵᠦ᠂ ᠬᠡᠰᠡᠭ ᠰᠤᠷᠤᠭᠴᠢᠳ ᠤᠨ ᠦᠰᠦᠭ ᠲᠠᠨᠢᠬᠤ ᠲᠠᠷᠤᠯᠳᠠ ᠶᠢ | ᠬᠦᠩᠭᠡᠷᠡᠭᠦᠯᠬᠦ ᠪᠠᠷ ᠪᠠᠶᠢᠨ᠎ᠠ᠃ ᠡᠭᠦᠨ ᠤ ᠬᠠᠮᠳᠦ᠂ ᠡᠯ᠎ᠡ ᠭᠠᠵᠠᠷ ᠤᠨ ᠳᠣᠮᠳᠠᠳᠣ ᠪᠠᠭ᠎ᠠ ᠰᠤᠷᠭᠠᠭᠤᠯᠢ ᠪᠠᠰᠠ ᠦᠭᠡ | ᠬᠡᠯᠡ ᠰᠤᠷᠬᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠦᠷᠢᠯᠳᠦᠭᠦᠯᠵᠦ᠂ ᠰᠤᠷᠤᠭᠴᠢᠳ ᠢ | ᠬᠠᠪᠰᠤᠷᠤᠨ ᠬᠢᠷᠢ ᠪᠦᠳᠦᠮᠵᠢ ᠶᠢ ᠨᠢ ᠰᠠᠶᠢᠲᠦᠷ ᠲᠡᠭᠡᠭᠰᠢᠯᠡᠭᠦᠯᠵᠦ᠂ ᠳᠤᠲᠠᠭᠤᠳᠠᠯ ᠢ ᠨᠢ ᠨᠦᠬᠦᠪᠦᠷᠢᠯᠡᠬᠦ ᠬᠡᠷᠡᠭᠳᠠᠢ᠃ | 6. ᠠᠰᠠᠭᠤᠯᠳᠠ᠄ ᠮᠤᠩᠭᠤᠯ ᠢᠶᠠᠷ ᠬᠢᠴᠢᠶᠡᠯᠯᠡᠬᠦ ᠰᠣᠷᠤᠭᠴᠢ ᠶᠢᠨ ᠬᠤᠪᠢ ᠳᠤ ᠠᠪᠴᠤ ᠬᠡᠯᠡᠪᠡᠯ᠂ ᠪᠠᠭ᠎ᠠ | ᠰᠤᠷᠭᠠᠭᠤᠯᠢ ᠶᠢᠨ ᠱᠠᠳᠤᠨ ᠳᠤ ᠪᠢᠴᠢᠭ ᠤᠨ ᠬᠡᠯᠨ ᠪᠤᠯᠤᠨ ᠡᠷᠳᠡᠨ ᠤ ᠰᠢᠯᠦᠭ ᠳᠠᠭᠤᠯᠠᠯ ᠢ ᠰᠤᠷᠴᠤ ᠥᠩᠭᠡᠷᠡᠭᠰᠡᠨ | ᠦᠭᠡᠢ ᠪᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠣᠷᠤᠮᠠᠭᠴᠠ ᠰᠢᠭᠤᠳ | ᠬᠢᠳᠠᠳ ᠢᠶᠠᠷ ᠬᠢᠴᠢᠶᠡᠯᠯᠡᠬᠦ ᠰᠣᠷᠤᠭᠴᠢᠳ ᠲᠠᠢ ᠠᠳᠠᠯᠢᠬᠠᠨ ᠢᠶᠠᠷ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ︽ | ᠬᠡᠯᠨ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠮᠠᠰᠢ ᠶᠡᠭᠡ ᠬᠦᠴᠢᠷᠳᠡᠯ ᠲᠠᠢ ᠪᠤᠯᠬᠤ ᠶᠤᠮ᠂ ᠡᠨᠡ | ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠮᠤᠩᠭᠤᠯ ᠢᠶᠠᠷ ᠬᠢᠴᠢᠶᠡᠯᠯᠡᠬᠦ ᠰᠤᠷᠤᠬᠴᠢᠳ ᠯᠡ ᠪᠢᠰᠢ᠂ ᠬᠢᠳᠠᠳ ᠢᠶᠠᠷ ᠬᠢᠴᠢᠶᠡᠯᠯᠡᠬᠦ | ᠰᠣᠷᠤᠭᠴᠢᠳ ᠲᠤ ᠠᠪᠴᠤ ᠬᠡᠯᠡᠭᠰᠡᠨ ᠴᠦ᠂ ᠪᠢᠴᠢᠭ ᠤᠨ ᠬᠡᠯᠡ ᠪᠤᠯᠤᠨ ᠡᠷᠳᠡᠨ ᠤ ᠰᠢᠯᠦᠭ ᠳᠠᠭᠤᠯᠠᠯ ᠨᠢ ᠢᠮᠠᠬᠳᠠ | ᠵᠢᠭᠠᠨ ᠰᠤᠷᠭᠠᠯᠳᠠ ᠶᠢᠨ ᠬᠦᠴᠢᠷᠳᠡᠯᠬᠡ ᠪᠤᠯᠤᠬᠰᠠᠭᠠᠷ ᠢᠷᠡᠵᠠᠢ᠂ ᠪᠠᠰᠠᠴᠦ ᠭᠤᠤᠯᠳᠠᠯᠭᠠᠳᠠᠢ ᠰᠢᠯᠭᠠᠨ ᠪᠠᠶᠢᠴᠠᠭᠠᠬᠤ | ᠠᠭᠤᠯᠭ᠎ᠠ ᠪᠤᠯᠵᠦ ᠪᠤᠢ᠃ ᠤᠳᠤᠬᠠᠨ ᠳᠤ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠡᠷᠳᠡᠨ ᠤ | ᠰᠢᠯᠦᠭ ᠳᠠᠭᠤᠯᠠᠯ ᠤᠨ ᠳᠤᠭ᠎ᠠ ᠨᠢ ᠲᠡᠶᠢᠮᠦ ᠣᠯᠠᠨ ᠪᠢᠰᠢ ᠮᠦᠷᠳᠡᠬᠡᠨ ᠤᠷᠠᠨ ᠤᠩᠰᠢᠯᠭ᠎ᠠ ᠶᠢᠨ ᠠᠭᠤᠯᠭ᠎ᠠ ᠪᠤᠯᠪᠠᠴᠤ | ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠰᠣᠷᠤᠭᠴᠢᠳ ᠤᠨ ᠰᠠᠭᠤᠷᠢ ᠨᠢ ᠬᠠᠷᠢᠴᠠᠩᠭᠤᠢ ᠠᠨᠠᠢ ᠪᠠᠶᠢᠬᠤ ᠪᠤᠳᠠᠳᠤ | ᠪᠠᠶᠢᠳᠠᠯ ᠳᠤ ᠴᠢᠭᠯᠡᠬᠦᠯᠦᠨ᠂ ᠥᠪᠡᠷᠳᠡᠭᠡᠨ ᠵᠠᠰᠠᠬᠤ ᠣᠷᠤᠨ ᠠᠴᠠ ᠰᠣᠳᠤᠯᠭᠠᠨ ᠤ ᠰᠡᠳᠦᠪ ᠤᠨ ᠳᠦᠰᠦᠯ ᠢ ᠵᠤᠬᠢᠶᠠᠨ | ᠪᠠᠶᠢᠭᠤᠯᠵᠤ᠂ ᠳᠤᠰᠬᠠᠢ ᠳᠦᠷᠦᠯ ᠤᠨ ᠰᠣᠳᠤᠯᠭᠠᠨ ᠬᠢᠵᠦ᠂ ᠵᠢᠭᠠᠨ ᠰᠤᠷᠭᠠᠯᠳᠠ ᠶᠢᠨ ᠳᠤᠷᠰᠢᠯᠳᠠ ᠪᠠᠷ ᠳᠠᠮᠵᠢᠵᠦ᠂ | ᠭᠤᠤᠯᠳᠠᠯᠭᠠᠳᠠᠢ ᠰᠢᠪᠳᠤᠯᠤᠯᠳᠠ ᠬᠢᠵᠦ᠂ ᠰᠤᠷᠭᠠᠨ ᠬᠦᠮᠦᠵᠢᠬᠦᠯᠬᠦ ᠠᠷᠭ᠎ᠠ ᠪᠠᠷᠢᠯ ᠪᠤᠯᠤᠨ ᠵᠢᠭᠠᠨ ᠰᠤᠷᠭᠠᠯᠳᠠ ᠶᠢᠨ | ᠬᠡᠯᠪᠡᠷᠢ ᠪᠠᠨ ᠳᠠᠰᠤᠷᠠᠯᠳᠠ ᠦᠭᠡᠢ ᠰᠢᠨᠡᠳᠭᠡᠵᠦ᠂ ᠰᠤᠷᠤᠭᠴᠢᠳ ᠤᠨ ᠪᠢᠴᠢᠭ ᠤᠨ ᠬᠡᠯᠡ ᠪᠤᠯᠤᠨ ᠡᠷᠳᠡᠨ ᠤ ᠰᠢᠯᠦᠭ | ᠳᠠᠭᠤᠯᠠᠯ ᠢ ᠳᠦᠷᠬᠡᠨ ᠰᠤᠷᠴᠤ ᠡᠵᠡᠮᠰᠢᠬᠦ ᠬᠠᠮᠤᠭ ᠤᠨ ᠰᠠᠶᠢᠨ ᠠᠷᠭ᠎ᠠ ᠵᠠᠮ ᠢ ᠬᠠᠶᠢᠨ᠎ᠠ᠃ ᠡᠯ᠎ᠡ ᠭᠠᠵᠠᠷ ᠤᠨ | ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠨᠤᠳᠠᠯᠠᠯ ᠤᠨ ᠳᠤᠷᠰᠢᠯᠳᠠ ᠶᠢ ᠢᠳᠡᠪᠬᠢᠳᠡᠢ ᠪᠠᠷ ᠥᠷᠨᠢᠬᠦᠯᠦᠨ᠂ | ᠬᠡᠷᠡᠭᠵᠢᠭᠦᠯᠬᠦ ᠪᠤᠯᠤᠮᠵᠢᠳᠠᠢ ᠵᠢᠮ᠎ᠡ ᠶᠤᠰᠤ ᠶᠢ ᠳ᠋ᠦᠩᠨᠡᠵᠦ᠂ ᠵᠢᠭᠠᠨ ᠰᠤᠷᠭᠠᠬᠤ ᠠᠷᠭ᠎ᠠ ᠪᠠᠷᠢᠯ ᠢᠶᠠᠨ ᠳᠠᠰᠤᠷᠠᠯᠳᠠ | ᠦᠭᠡᠢ ᠰᠠᠶᠢᠵᠢᠷᠠᠭᠤᠯᠤᠨ᠂ ᠤᠩᠰᠢᠨ ᠰᠣᠨᠢᠷᠬᠠᠬᠤ ᠬᠢᠷᠢ ᠳᠦᠪᠰᠢᠨ ᠢ ᠳᠡᠭᠡᠭᠰᠢᠯᠡᠬᠦᠯᠬᠦ ᠶᠢ ᠵᠤᠷᠢᠭᠵᠢᠭᠤᠯᠤᠨ᠎ᠠ᠃ | 7. ᠠᠰᠠᠭᠤᠯᠳᠠ᠄ ᠦᠨᠳᠦᠰᠦᠳᠡᠨ ᠤ ᠰᠤᠷᠭᠠᠭᠤᠯᠢ ᠶᠢᠨ ᠪᠠᠭᠰᠢ ᠨᠠᠷ ᠲᠤ ᠠᠪᠴᠤ ᠬᠡᠯᠡᠪᠡᠯ᠂ ᠬᠡᠷᠪᠡ | ᠰᠤᠷᠤᠯᠴᠠᠯᠭ᠎ᠠ ᠪᠤᠯᠪᠠᠰᠤᠷᠠᠭᠤᠯᠤᠯᠳᠠ ᠪᠠᠷ ᠳᠠᠮᠵᠢᠭᠠᠳ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ | ᠪᠢᠴᠢᠭ ᠤᠨ ᠵᠢᠭᠠᠨ ᠰᠤᠷᠭᠠᠯᠳᠠ ᠶᠢᠨ ᠠᠵᠢᠯ ᠢ ᠮᠦᠨ ᠬᠦ ᠡᠬᠦᠷᠭᠡᠯᠡᠵᠦ ᠳᠡᠶᠢᠯᠬᠦ ᠦᠬᠡᠢ ᠪᠤᠯ ᠳᠡᠳᠡᠨ ᠤ ᠬᠦᠮᠦᠨ | ᠬᠢᠬᠡᠳ ᠠᠵᠢᠯ ᠤᠨ ᠪᠠᠶᠢᠷᠢ ᠶᠢ ᠵᠤᠬᠢᠴᠠᠭᠤᠯᠵᠤ᠂ ᠬᠤᠪᠢ ᠬᠦᠮᠦᠨ ᠤ ᠦᠷᠳᠡᠭ ᠢᠶᠠᠨ ᠬᠦᠢᠴᠡᠳ ᠢᠯᠡᠷᠡᠬᠦᠯᠬᠦ ᠶᠢ | ᠬᠡᠷᠬᠢᠨ ᠪᠠᠳᠤᠯᠠᠬᠤ ᠪᠤᠢ︖ | ᠬᠠᠷᠢᠭᠤᠯᠳᠠ᠄ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ | ᠨᠢᠬᠡ ᠪᠦᠯᠦᠭ ᠪᠠᠭᠰᠢ ᠵᠢᠭᠠᠨ ᠰᠤᠷᠭᠠᠬᠤ ᠦᠬᠡ ᠬᠡᠯᠨ ᠰᠣᠯᠢᠭᠳᠠᠭᠰᠠᠨ ᠤ ᠬᠠᠷᠠᠭ᠎ᠠ ᠪᠠᠷ ᠳᠦᠷ ᠴᠠᠭ ᠵᠢᠭᠠᠨ | ᠰᠤᠷᠭᠠᠯᠳᠠ ᠶᠢᠨ ᠠᠵᠢᠯ ᠤᠨ ᠪᠠᠶᠢᠷᠢ ᠳᠤ ᠭᠠᠷᠴᠤ ᠳᠡᠶᠢᠯᠬᠦ ᠦᠭᠡᠢ ᠪᠤᠶᠤ ᠳᠡᠷᠡᠴᠢᠯᠡᠨ ᠪᠤᠯᠪᠠᠰᠤᠷᠠᠭᠤᠯᠤᠯᠳᠠ ᠪᠠᠷ | ᠳᠠᠮᠵᠢᠭᠠᠳ ᠮᠥᠨ ᠯᠨ ᠵᠢᠭᠠᠨ ᠰᠤᠷᠭᠠᠯᠳᠠ ᠶᠢᠨ ᠠᠵᠢᠯ ᠢ ᠡᠬᠦᠷᠭᠡᠯᠡᠵᠦ ᠳᠡᠶᠢᠯᠬᠦ ᠦᠭᠡᠢ ᠪᠠᠶᠢᠳᠠᠯ ᠭᠠᠷᠬᠤ ᠪᠤᠯᠤᠨ᠎ᠠ᠃ | ᠡᠳᠡᠭᠡᠷ ᠪᠠᠭᠰᠢ ᠨᠠᠷ ᠤᠨ ᠬᠤᠪᠢ ᠬᠦᠮᠦᠨ ᠤ ᠬᠦᠰᠡᠯ ᠰᠤᠩᠭᠤᠯᠳᠠ ᠶᠢ ᠬᠦᠨᠳᠦᠳᠭᠡᠨ᠂ ᠬᠦᠮᠦᠨ ᠬᠢᠬᠡᠳ | ᠠᠵᠢᠯ ᠤᠨ ᠪᠠᠶᠢᠷᠢ ᠶᠢ ᠵᠤᠬᠢᠴᠠᠭᠤᠯᠬᠤ ᠵᠠᠷᠴᠢᠮ ᠢᠶᠠᠷ ᠳᠡᠳᠡᠨ ᠢ ᠬᠢᠴᠢᠶᠡᠯ ᠤᠨ ᠳᠠᠷᠠᠭᠠᠬᠢ ᠬᠠᠪᠰᠤᠷᠤᠨ | ᠵᠢᠯᠤᠭᠤᠳᠤᠭᠴᠢ ᠪᠤᠯᠭᠠᠨ ᠬᠤᠪᠢᠷᠠᠭᠤᠯᠵᠤ ᠪᠤᠯᠤᠨ᠎ᠠ᠃ ᠰᠢᠶᠠᠨ ᠤ ᠬᠡᠪᠴᠢᠶᠡᠨ ᠳᠤᠳᠤᠷ᠎ᠠ ᠪᠠᠨ ᠳᠤᠰ ᠰᠤᠷᠭᠠᠭᠤᠯᠢ | ᠪᠤᠶᠤ ᠠᠬ᠎ᠠ ᠳᠡᠬᠦᠦ ᠰᠤᠷᠭᠠᠭᠤᠯᠢ ᠠᠴᠠ ᠰᠤᠩᠭᠤᠯᠳᠠ ᠬᠢᠯᠭᠡᠵᠦ᠂ ᠦᠪᠡᠷ ᠤᠨ ᠪᠡᠶ᠎ᠡ ᠳᠤᠨᠢ ᠳᠤᠬᠢᠷᠠᠭᠰᠠᠨ ᠠᠵᠢᠯ ᠳᠤ | ᠰᠢᠯᠵᠢᠬᠦᠯᠵᠦ ᠴᠦ ᠪᠤᠯᠤᠨ᠎ᠠ᠃ ᠶᠡᠷᠦᠩᠬᠡᠢ ᠳᠤᠨᠢ ᠬᠡᠯᠡᠪᠡᠯ᠂ ᠨᠢᠬᠡ ᠳᠠᠯ᠎ᠠ ᠪᠠᠷ ᠪᠠᠭᠰᠢ ᠶᠢᠨ ᠪᠠᠭᠰᠢᠯᠠᠬᠤ ᠪᠠᠷᠢᠮᠵᠢᠶ᠎ᠠ | ᠱᠠᠭᠠᠷᠳᠠᠯᠭ᠎ᠠ ᠶᠢ ᠳᠤᠷᠤᠭᠰᠢᠯᠠᠭᠤᠯᠵᠤ ᠪᠤᠯᠬᠤ ᠦᠭᠡᠢ᠂ ᠨᠦᠬᠦᠬᠡ ᠳᠠᠯ᠎ᠠ ᠪᠠᠷ ᠪᠠᠭᠰᠢ ᠶᠢᠨ ᠬᠠᠤᠯᠢ ᠶᠤᠰᠤᠨ ᠤ ᠡᠷᠬᠡ | ᠠᠰᠢᠭ ᠢ ᠪᠠᠳᠤᠯᠠᠵᠤ᠂ ︽ᠭᠤᠷᠪᠠ ᠶᠢ ᠬᠤᠪᠢᠷᠠᠭᠤᠯᠬᠤ ᠦᠭᠡᠢ︾ ᠳᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ | ᠨᠠᠶᠢᠳᠠᠪᠤᠷᠢᠵᠢᠭᠤᠯᠬᠤ ᠬᠡᠷᠡᠭᠳᠡᠢ᠃ | 8. ᠠᠰᠠᠭᠤᠯᠳᠠ᠄ ᠤᠶᠢᠷ᠎ᠠ ᠳᠤ ᠥᠪᠡᠷᠳᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠢᠳᠠᠳ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ︽ᠬᠡᠯᠨ ᠪᠢᠴᠢᠭ︾ ᠤᠨ | ᠬᠢᠴᠢᠶᠡᠯ ᠢ ᠭᠠᠷᠠᠭ ᠲᠤ 8 ᠬᠢᠴᠢᠶᠡᠯ ᠤᠨ ᠴᠠᠭ ᠭᠡᠵᠤ᠂ ᠬᠢᠳᠠᠳ ᠬᠡᠯᠡᠨ ᠤ ᠰᠠᠭᠤᠷᠢ ᠪᠠᠷ ᠨᠡᠩ ᠪᠠᠷᠤᠭᠳᠠᠢ | ᠦᠨᠳᠦᠰᠦᠳᠡᠨ ᠤ ᠪᠠᠭ᠎ᠠ ᠰᠤᠷᠭᠠᠭᠤᠯᠢ ᠶᠢᠨ ︽ᠬᠡᠯᠨ ᠪᠢᠴᠢᠭ︾ ᠤᠨ ᠬᠢᠴᠢᠶᠡᠯ ᠨᠢ ᠬᠠᠷᠢᠨ ᠭᠠᠷᠠᠭ ᠲᠤ 5 | ᠬᠢᠴᠢᠶᠡᠯ ᠤᠨ ᠴᠠᠭ ᠭᠡᠵᠤ ᠳᠤᠳᠤᠷᠬᠠᠶᠢᠯᠠᠵᠠᠢ᠃ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠨᠢᠭᠡᠳᠦᠯᠳᠡᠢ ᠰᠢᠯᠭᠠᠯᠳᠠ ᠶᠢᠨ ᠬᠠᠭᠤᠳᠠᠰᠤᠨ ᠤ ᠦᠨᠡᠯᠡᠯᠳᠡ ᠶᠢ ᠬᠡᠷᠡᠭᠯᠡᠬᠦ ᠪᠠᠶᠢᠳᠠᠯ ᠳᠤᠤᠷ᠎ᠠ | ᠡᠶᠢᠮᠦᠷᠬᠦᠦ ᠬᠢᠴᠢᠶᠡᠯ ᠤᠨ ᠴᠠᠭ ᠤᠨ ᠳᠤᠬᠢᠷᠠᠭᠤᠯᠤᠯᠳᠠ ᠪᠠᠷ ᠳᠤᠭᠳᠠᠭᠰᠠᠨ ᠵᠢᠭᠠᠨ ᠰᠤᠷᠭᠠᠯᠳᠠ ᠶᠢᠨ ᠡᠬᠦᠷᠭᠡ ᠶᠢ | ᠪᠡᠶᠡᠯᠡᠬᠦᠯᠬᠦ ᠶᠢᠨ ᠠᠷᠭ᠎ᠠ ᠦᠭᠡᠢ ᠪᠠᠶᠢᠵᠤ ᠮᠡᠳᠡᠨ᠎ᠡ᠃ ᠡᠨᠡᠬᠦ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | | ᠬᠠᠷᠢᠭᠤᠯᠳᠠ᠄ ᠮᠠᠨ ᠤ ᠣᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠴᠢᠶᠡᠯ ᠤᠨ | ᠳᠦᠯᠦᠪᠯᠡᠭᠡ ᠶᠢᠨ ᠳᠤᠬᠢᠷᠠᠭᠤᠯᠤᠯᠳᠠ ᠶᠤᠰᠤᠭᠠᠷ ᠬᠢᠳᠠᠳ ᠢᠶᠠᠷ ᠬᠢᠴᠢᠶᠡᠯᠯᠡᠬᠦ ᠰᠤᠷᠭᠠᠭᠤᠯᠢ ᠶᠢᠨ ᠤᠯᠤᠰ ᠤᠨ | ᠨᠢᠬᠡᠳᠦᠯᠳᠡᠢ ᠨᠠᠶᠢᠷᠠᠭᠤᠯᠤᠭᠰᠠᠨ ︽ᠬᠡᠯᠨ ᠪᠢᠴᠢᠭ︾ ᠤᠨ ᠬᠢᠴᠢᠶᠡᠯ ᠨᠢ ᠭᠠᠷᠠᠭ ᠲᠤ 8 ᠬᠢᠴᠢᠶᠡᠯ ᠤᠨ ᠴᠠᠭ᠂ | ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠰᠤᠷᠭᠠᠭᠤᠯᠢ ᠶᠢᠨ ᠬᠢᠨᠢ ᠭᠠᠷᠠᠭ ᠲᠤ 5 ᠬᠢᠴᠢᠶᠡᠯ ᠤᠨ ᠴᠠᠭ ᠪᠠᠶᠢᠵᠤ᠂ | ᠤᠨᠤᠯ ᠤᠨ ᠳᠠᠯ᠎ᠠ ᠪᠠᠷ ᠬᠢᠳᠠᠳ ᠢᠶᠠᠷ ᠬᠢᠴᠢᠶᠡᠯᠯᠡᠬᠦ ᠰᠤᠷᠭᠠᠭᠤᠯᠢ ᠠᠴᠠ ᠭᠠᠷᠠᠭ ᠲᠤ 3 ᠬᠢᠴᠢᠶᠡᠯ ᠤᠨ ᠴᠠᠭ | ᠪᠠᠭᠠᠰᠤᠭᠰᠠᠨ ᠪᠠᠶᠢᠨ᠎ᠠ᠃ ᠵᠢᠭᠠᠨ ᠰᠤᠷᠭᠠᠯᠳᠠ ᠶᠢᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠪᠠᠳᠤᠯᠠᠬᠤ ᠶᠢᠨ | ᠳᠦᠯᠦᠭᠡ ᠦᠪᠡᠷᠳᠡᠭᠡᠨ ᠵᠠᠰᠠᠬᠤ ᠣᠷᠤᠨ ᠠᠴᠠ ᠵᠢᠭᠠᠨ ᠰᠤᠷᠭᠠᠯᠳᠠ ᠶᠢᠨ ᠵᠢᠯᠤᠭᠤᠳᠬᠤ ᠰᠠᠨᠠᠭᠤᠯᠭ᠎ᠠ ᠪᠤᠯᠤᠨ | ᠰᠤᠷᠤᠯᠭ᠎ᠠ ᠶᠢᠨ ᠦᠨᠡᠯᠡᠯᠳᠡ ᠶᠢᠨ ᠱᠠᠭᠠᠷᠳᠠᠯᠭ᠎ᠠ ᠶᠢ ᠰᠣᠳᠤᠯᠤᠨ ᠳᠤᠭᠳᠠᠭᠠᠵᠤ᠂ ᠵᠢᠭᠠᠨ ᠰᠤᠷᠭᠠᠯᠳᠠ ᠶᠢᠨ | ᠬᠦᠴᠢᠷ ᠤᠨ ᠬᠡᠮᠵᠢᠶ᠎ᠡ ᠶᠢ ᠵᠤᠬᠢᠰᠳᠠᠢ ᠳᠤᠷᠤᠭᠰᠢᠯᠠᠭᠤᠯᠤᠭᠰᠠᠨ ᠪᠠᠶᠢᠨ᠎ᠠ᠃ ᠬᠦᠴᠢᠷ ᠤᠨ ᠬᠡᠮᠵᠢᠶᠡᠨ ᠤ | ᠳᠤᠷᠤᠭᠰᠢᠯᠠᠯᠳᠠ ᠨᠢ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠮᠦᠷᠳᠡᠭᠰᠡᠨ ᠤᠷᠢᠳᠠᠯ ᠳᠤᠤᠷ᠎ᠠ ᠵᠢᠭᠠᠨ ᠰᠤᠷᠭᠠᠬᠤ | ᠠᠭᠤᠯᠭ᠎ᠠ ᠶᠢᠨ ᠴᠠᠭ ᠤᠨ ᠳᠠᠷᠠᠭᠠᠯᠠᠯ ᠤᠨ ᠳᠤᠬᠢᠷᠠᠭᠤᠯᠤᠯᠳᠠ ᠶᠢ ᠵᠣᠬᠢᠴᠠᠭᠤᠯᠬᠤ᠂ ᠤᠩᠰᠢᠯᠭ᠎ᠠ ᠶᠢᠨ ᠨᠢᠭᠡᠴᠢ ᠶᠢᠨ | ᠠᠭᠤᠯᠭ᠎ᠠ ᠶᠢ ᠪᠠᠭᠠᠰᠬᠠᠬᠤ ᠵᠡᠷᠭᠡ ᠬᠡᠯᠪᠡᠷᠢ ᠪᠠᠷ ᠲᠦᠰᠦᠪᠯᠡᠭᠳᠡᠵᠦ᠂ ᠮᠡᠳᠡᠯᠭᠡ ᠶᠢᠨ ᠪᠦᠳᠦᠴᠡ ᠪᠤᠯᠤᠨ ᠠᠭᠤᠯᠭ᠎ᠠ ᠶᠢᠨ | ᠰᠢᠰᠲ᠋ᠧᠮ ᠢ ᠵᠤᠯᠭᠠᠭᠤᠯᠬᠤ ᠶᠢᠨ ᠳᠠᠯ᠎ᠠ ᠪᠠᠷ ᠬᠢᠴᠢᠶᠡᠯ ᠤᠨ ᠪᠠᠷᠢᠮᠵᠢᠶ᠎ᠠ ᠲᠠᠢ ᠨᠢᠭᠡᠳᠦᠯᠳᠡᠢ ᠶᠤᠮ᠃ ᠵᠢᠱᠢᠶᠡᠯᠡᠪᠡᠯ᠂ | ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠤᠨ ᠪᠠᠷᠢᠮᠵᠢᠶ᠎ᠠ ᠳᠤ ᠤᠩᠰᠢᠯᠭ᠎ᠠ ᠶᠢᠨ | ᠨᠢᠭᠡᠴᠢ ᠳᠤ 4 ᠵᠤᠬᠢᠶᠠᠯ ᠢ ᠨᠠᠷᠢᠯᠢᠭ ᠤᠩᠰᠢᠬᠤ ᠱᠠᠭᠠᠷᠳᠠᠯᠭ᠎ᠠ ᠲᠠᠢ ᠪᠠᠶᠢᠳᠠᠭ ᠲᠤ ᠬᠦᠷᠪᠡᠯ᠂ ᠵᠦᠪᠬᠡᠨ 1 — 2 | ᠵᠤᠬᠢᠶᠠᠯ ᠢ ᠨᠠᠷᠢᠯᠢᠭ ᠤᠩᠰᠢᠬᠤ ᠶᠢ ᠱᠠᠭᠠᠷᠳᠠᠭᠠᠳ ᠪᠤᠰᠤᠳ ᠵᠤᠬᠢᠶᠠᠯ ᠢ ᠨᠢ ᠦᠪᠡᠷᠳᠡᠭᠡᠨ ᠤᠩᠰᠢᠬᠤ ᠪᠤᠶᠤ ᠳᠠᠭᠠᠵᠤ | ᠤᠩᠰᠢᠬᠤ ᠵᠤᠬᠢᠶᠠᠯ ᠪᠤᠯᠭᠠᠨ ᠳᠤᠬᠢᠷᠠᠭᠤᠯᠵᠤ᠂ ᠰᠤᠷᠤᠯᠭ᠎ᠠ ᠶᠢᠨ ᠦᠨᠡᠯᠡᠯᠳᠡ ᠳᠤ ᠨᠠᠷᠢᠯᠢᠭ ᠤᠩᠰᠢᠬᠤ ᠵᠤᠬᠢᠶᠠᠯ ᠳᠤ | ᠯᠨ ᠦᠨᠳᠦᠰᠦᠨ ᠱᠠᠭᠠᠷᠳᠠᠯᠭ᠎ᠠ ᠳᠤᠷᠠᠳᠬᠤ ᠪᠤᠯᠤᠨ᠎ᠠ᠃ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠨᠢ ᠪᠠᠭᠰᠢ ᠶᠢᠨ | ᠵᠢᠭᠠᠨ ᠰᠤᠷᠭᠠᠯᠳᠠ ᠶᠢᠨ ᠬᠢᠷᠢ ᠳᠦᠪᠰᠢᠨ᠂ ᠵᠢᠭᠠᠨ ᠰᠤᠷᠭᠠᠬᠤ ᠤᠪᠤᠷ ᠪᠤᠯᠤᠨ ᠵᠢᠭᠠᠨ ᠰᠤᠷᠭᠠᠬᠤ ᠠᠷᠭ᠎ᠠ | ᠪᠠᠷᠢᠯ ᠠᠴᠠ ᠯᠨ ᠰᠢᠯᠳᠠᠭᠠᠯᠠᠳᠠᠭ ᠳᠡᠳᠦᠢ ᠪᠢᠰᠢ᠂ ᠰᠣᠷᠤᠭᠴᠢ ᠶᠢᠨ ᠰᠣᠷᠤᠯᠴᠠᠬᠤ ᠳᠠᠳᠬᠠᠯ᠂ ᠰᠣᠷᠤᠯᠴᠠᠬᠤ ᠤᠪᠤᠷ | ᠪᠤᠯᠤᠨ ᠦᠪᠡᠷ ᠢ ᠪᠠᠨ ᠡᠵᠡᠮᠳᠡᠬᠦ ᠴᠢᠳᠠᠪᠤᠷᠢ ᠵᠡᠷᠭᠡ ᠨᠢ ᠪᠦᠷ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠳᠤ | ᠨᠦᠯᠦᠬᠡ ᠦᠵᠡᠬᠦᠯᠳᠡᠭ ᠶᠤᠮ᠃ ᠭᠡᠷ ᠪᠦᠯᠢ ᠪᠤᠯᠤᠨ ᠰᠤᠷᠭᠠᠭᠤᠯᠢ ᠬᠠᠮᠳᠤᠷᠠᠵᠤ᠂ ᠪᠠᠭᠰᠢ ᠰᠤᠷᠤᠭᠴᠢ ᠬᠠᠮᠳᠤ ᠪᠠᠷ | ᠬᠦᠴᠦᠯᠡᠨ ᠴᠢᠷᠮᠠᠶᠢᠳᠠᠭ ᠲᠤ ᠯᠨ ᠬᠦᠷᠪᠡᠯ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠪᠠᠳᠤᠯᠠᠵᠤ ᠪᠣᠯᠬᠤ ᠶᠣᠮ᠃ | | 9. ᠠᠰᠠᠭᠤᠯᠲᠠ᠄ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ᠂ | ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠡᠨ ᠤ ᠵᠢᠭᠠᠬᠤ ᠶᠢ ᠰᠤᠳᠤᠯᠬᠤ ᠰᠠᠯᠠᠭ᠎ᠠ | ᠮᠥᠴᠢᠷ ᠨᠢ ᠵᠢᠭᠠᠨ ᠰᠤᠷᠭᠠᠯᠲᠠ ᠶᠢᠨ ᠳᠤᠮᠲᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ | ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠ ᠰᠤᠷᠤᠭᠴᠢ ᠶᠢᠨ ᠬᠢᠷᠢ ᠪᠥᠲᠦᠮᠵᠢ ᠶᠢ ᠳᠡᠭᠡᠭᠰᠢᠯᠡᠭᠦᠯᠬᠦ ᠶᠢᠨ ᠲᠥᠯᠦᠭᠡ | ᠂ ᠤᠷᠳᠤ ᠬᠤᠭᠤᠴᠠᠭ᠎ᠠ ᠲᠤᠬᠳᠠᠭᠤᠨ ᠪᠠᠶᠢᠬᠤ ︽ᠨᠢᠭᠤᠷᠲᠡᠨ ᠵᠢᠯᠤᠭᠤᠳᠬᠤ︾᠂ ︽ᠨᠢᠭᠡ ᠨᠢᠭᠡ ᠪᠠᠷ | ᠬᠠᠷᠠᠭᠠᠯᠵᠠᠭᠤᠯᠤᠨ ᠬᠦᠮᠦᠵᠢᠭᠦᠯᠬᠦ︾ ᠮᠡᠳᠦ ᠶᠢᠨ ᠰᠠᠯᠤᠯ ᠦᠭᠡᠢ ᠳᠠᠭᠠᠵᠦ ᠬᠠᠪᠰᠤᠷᠤᠨ ᠳᠡᠳᠬᠦᠬᠦ ᠲᠤᠭᠳᠠᠴᠠ ᠶᠢ | ᠪᠠᠶᠢᠭᠤᠯᠵᠦ ᠪᠤᠯᠬᠤ ᠡᠰᠡᠬᠦ︖ | ᠬᠠᠷᠢᠭᠤᠯᠲᠠ᠄ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠠᠪᠤᠴᠠ ᠳᠤ | ᠲᠤᠯᠭᠠᠷᠠᠬᠤ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠦᠭᠡ᠂ ᠥᠪᠡᠷᠲᠡᠭᠡᠨ ᠵᠠᠰᠠᠬᠤ ᠤᠷᠤᠨ᠂ | ᠠᠶᠢᠮᠠᠭ ᠬᠤᠲᠠ᠂ ᠬᠤᠰᠢᠭᠤ ᠰᠢᠶᠡᠨ ᠠᠴᠠ ᠰᠢᠯᠢᠳᠡᠭ ᠢ ᠨᠢ ᠰᠤᠩᠭᠤᠨ ᠤᠷᠢᠵᠦ ᠬᠡᠷᠡᠭᠯᠡᠬᠦ ᠬᠡᠯᠪᠡᠷᠢ ᠪᠠᠷ ᠮᠤᠩᠭᠤᠯ | ᠬᠢᠲᠡᠳ ᠬᠤᠤᠰ ᠬᠡᠯᠡᠨ ᠤ ᠵᠢᠭᠠᠨ ᠰᠤᠷᠭᠠᠯᠳᠠ ᠶᠢᠨ ᠵᠢᠭᠠᠬᠤ ᠶᠢ ᠰᠤᠳᠤᠯᠤᠭᠴᠢ ᠶᠢ ᠰᠢᠯᠢᠨ ᠰᠣᠩᠭᠤᠵᠤ | ᠪᠦᠷᠢᠳᠦᠭᠦᠯᠦᠨ᠂ ᠰᠤᠳᠤᠯᠬᠤ᠂ ᠵᠢᠯᠤᠭᠤᠳᠬᠤ᠂ ᠦᠢᠯᠡᠴᠢᠯᠡᠬᠦ ᠴᠢᠳᠠᠪᠬᠢ ᠶᠢ ᠨᠢ ᠭᠦᠢᠴᠡᠳ ᠪᠠᠳᠠᠷᠠᠭᠤᠯᠤᠨ᠎ᠠ᠃ | ᠮᠤᠩᠭᠤᠯ ᠬᠢᠲᠡᠳ ᠬᠤᠤᠰ ᠬᠡᠯᠡᠨ ᠤ ᠬᠢᠴᠢᠶᠡᠯᠯᠡᠭᠡ ᠶᠢᠨ ᠰᠢᠯᠢᠳᠡᠭ ᠪᠠᠭᠰᠢ ᠨᠠᠷ ᠢ ᠵᠤᠬᠢᠶᠠᠨ ᠪᠠᠶᠢᠭᠤᠯᠵᠦ᠂ | ᠬᠠᠮᠲᠤ ᠪᠠᠷ ᠬᠢᠴᠢᠶᠡᠯ ᠪᠡᠯᠡᠳᠭᠡᠬᠦ᠂ ᠰᠤᠷᠭᠠᠨ ᠬᠦᠮᠦᠵᠢᠯ ᠢ ᠬᠥᠳᠡᠭᠡ ᠲᠤᠰᠬᠤᠨ ᠳᠤ ᠬᠦᠷᠭᠡᠬᠦ᠂ ᠡᠷᠳᠡᠮ | ᠰᠢᠨᠵᠢᠯᠡᠭᠡᠨ ᠤ ᠢᠯᠡᠳᠬᠡᠯ ᠬᠢᠬᠦ ᠵᠡᠷᠭᠡ ᠬᠦᠳᠡᠯᠭᠡᠭᠡᠨ ᠢ ᠥᠷᠨᠢᠭᠦᠯᠬᠦ ᠪᠠᠷ ᠳᠠᠮᠵᠢᠭᠤᠯᠤᠨ᠂ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠤᠷᠤᠨ ᠠᠴᠠ ᠲᠥᠷᠦ ᠶᠢᠨ | ᠪᠤᠳᠤᠯᠭ᠎ᠠ ᠲᠤᠬᠳᠠᠭᠠᠵᠦ᠂ ᠬᠤᠰᠢᠭᠤ ᠰᠢᠶᠡᠨ ᠤ ᠬᠡᠪᠴᠢᠶᠡᠨ ᠳᠤ ᠬᠤᠲᠠ ᠪᠠᠯᠭᠠᠰᠤ ᠪᠠᠷ ᠬᠥᠳᠡᠭᠡ ᠲᠤᠰᠬᠤᠨ | ᠮᠠᠯᠵᠢᠬᠤ ᠤᠷᠤᠨ ᠢ ᠳᠠᠶᠢᠴᠢᠯᠠᠨ᠂ ᠬᠦᠴᠦᠷᠬᠡᠭ ᠰᠤᠷᠭᠠᠭᠤᠯᠢ ᠨᠢ ᠪᠠᠭᠤᠷᠠᠢ ᠰᠤᠷᠭᠠᠭᠤᠯᠢ ᠶᠢ ᠳᠠᠶᠢᠴᠢᠯᠠᠬᠤ ᠪᠠᠷ | ᠦᠨᠳᠦᠰᠦᠨ ᠠᠷᠭ᠎ᠠ ᠵᠠᠮ ᠪᠤᠯᠭᠠᠭᠰᠠᠨ ᠬᠤᠲᠠ ᠬᠥᠳᠡᠭᠡ ᠶᠢᠨ ᠬᠤᠭᠤᠷᠤᠨᠳᠤᠬᠢ᠂ ᠰᠤᠷᠭᠠᠭᠤᠯᠢ ᠶᠢᠨ | ᠬᠤᠭᠤᠷᠤᠨᠳᠤᠬᠢ ᠬᠠᠪᠰᠤᠷᠤᠨ ᠲᠡᠳᠭᠦᠬᠦ ᠲᠤᠭᠳᠠᠴᠠ ᠶᠢ ᠪᠠᠶᠢᠭᠤᠯᠬᠤ ᠪᠠᠷ ᠳᠡᠮᠵᠢᠨ᠂ ᠢᠵᠢᠯ ᠠᠯᠬᠤᠮᠲᠤ ᠵᠢᠭᠠᠨ | ᠰᠣᠳᠤᠯᠭᠠᠨ᠂ ᠬᠠᠮᠲᠤ ᠪᠠᠷ ᠬᠢᠴᠢᠶᠡᠯ ᠪᠡᠯᠡᠳᠭᠡᠬᠦ᠂ ᠵᠢᠭᠠᠨ ᠰᠤᠷᠭᠠᠯᠲᠠ ᠶᠢᠨ ᠬᠤᠯᠪᠤᠭ᠎ᠠ ᠶᠢ ᠪᠠᠶᠢᠭᠤᠯᠬᠤ ᠵᠠᠷᠭᠡ | ᠠᠵᠢᠯ ᠤᠨ ᠲᠥᠷᠢᠮ ᠢ ᠲᠤᠭᠳᠠᠭᠠᠵᠤ᠂ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠪᠤᠳᠠᠲᠦ ᠪᠠᠶᠢᠳᠠᠯ ᠢ ᠬᠠᠮᠲᠤ ᠳᠤ ᠨᠢ ᠬᠠᠷᠠᠭᠠᠯᠵᠠᠨ᠂ ᠬᠢᠴᠢᠶᠡᠯᠯᠡᠬᠦ ᠲᠥᠰᠦᠯ ᠪᠠ ᠵᠢᠭᠠᠨ | ᠰᠤᠷᠭᠠᠯᠲᠠ ᠶᠢᠨ ᠲᠦᠰᠦᠪ ᠲᠡᠭᠡᠨ ︽ᠨᠢᠭᠡ ᠳᠡᠪᠲᠠᠷ᠂ ᠨᠢᠭᠡ ᠬᠢᠴᠢᠶᠡᠯ ᠬᠤᠶᠠᠷ ᠲᠥᠰᠦᠯ︾ ᠪᠠᠶᠢᠬᠤ ᠶᠢ | ᠪᠡᠶᠡᠯᠡᠭᠦᠯᠦᠨ᠂ ᠲᠤᠬᠠᠢ ᠶᠢᠨ ᠭᠠᠵᠠᠷ ᠤᠨ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠤᠤᠰ ᠬᠡᠯᠡᠨ ᠤ | ᠵᠢᠭᠠᠨ ᠰᠤᠷᠭᠠᠯᠲᠠ ᠶᠢᠨ ᠬᠢᠷᠢ ᠲᠥᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | 10 . ᠠᠰᠠᠭᠤᠯᠲᠠ᠄ ᠲᠥᠪᠡᠳ᠂ ᠰᠢᠨᠵᠢᠶᠡᠩ ᠵᠡᠷᠭᠡ ᠴᠦᠬᠡᠨ ᠲᠤᠭᠠᠲᠦ ᠦᠨᠳᠦᠰᠦᠲᠡᠨ ᠤ ᠭᠠᠵᠠᠷ | ᠤᠷᠤᠨ ᠨᠢ ᠮᠠᠨ ᠤ ᠤᠷᠤᠨ ᠠᠴᠠ ᠤᠷᠢᠳᠴᠢᠯᠠᠨ ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠭᠤᠷᠪᠠᠨ ᠬᠢᠴᠢᠶᠡᠯ | ᠲᠥᠷᠦᠯ ᠤᠨ ᠵᠢᠭᠠᠬᠤ ᠮᠠᠲ᠋ᠧᠷᠢᠶᠠᠯ ᠢ ᠨᠢᠭᠡᠨᠳᠡ ᠬᠡᠷᠡᠭᠯᠡᠪᠡ᠂ ᠲᠡᠭᠡᠪᠡᠯ ᠥᠪᠡᠷᠲᠡᠭᠡᠨ ᠵᠠᠰᠠᠬᠤ ᠤᠷᠤᠨ ᠤ ᠰᠤᠷᠭᠠᠨ | ᠬᠦᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠢᠳᠡᠨ ᠳᠤ ᠪᠤᠯᠪᠠᠰᠤᠷᠠᠩᠭᠤᠢ᠂ ᠯᠠᠪᠯᠠᠯᠲᠠ ᠪᠤᠯᠭᠠᠵᠦ | ᠪᠤᠯᠬᠤ ᠲᠤᠷᠰᠢᠯᠭ᠎ᠠ᠂ ᠠᠷᠭ᠎ᠠ ᠬᠡᠮᠵᠢᠶ᠎ᠡ ᠶᠢ ᠬᠠᠩᠭᠠᠨ ᠥᠭᠴᠦ ᠪᠤᠯᠬᠤ ᠦᠦ︖ | ᠬᠠᠷᠢᠭᠤᠯᠲᠠ᠄ ᠰᠢᠨᠵᠢᠶᠡᠩ᠂ ᠲᠥᠪᠡᠳ ᠲᠤᠰ ᠲᠤᠰ 2017 ᠤᠨ ᠪᠤᠯᠤᠨ 2018 ᠤᠨ ᠠᠴᠠ | ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠡᠬᠢᠯᠡᠵᠠᠢ᠃ ᠪᠠᠭᠰᠢ ᠶᠢᠨ | ᠪᠤᠯᠪᠠᠰᠤᠷᠠᠯ᠂ ᠵᠢᠭᠠᠬᠤ ᠮᠠᠲ᠋ᠧᠷᠢᠶᠠᠯ ᠤᠨ ᠬᠡᠷᠡᠭᠯᠡᠯᠲᠡ᠂ ᠵᠢᠭᠠᠨ ᠰᠤᠷᠭᠠᠯᠲᠠ ᠶᠢᠨ ᠵᠤᠬᠢᠶᠠᠨ ᠪᠠᠶᠢᠭᠤᠯᠤᠯᠲᠠ᠂ ᠵᠢᠭᠠᠨ | ᠰᠤᠷᠭᠠᠬᠤ ᠠᠷᠭ᠎ᠠ᠂ ᠵᠢᠭᠠᠬᠤ ᠠᠷᠭ᠎ᠠ ᠪᠠᠷᠢᠯ ᠵᠠᠷᠭᠡ ᠲᠠᠯ᠎ᠠ ᠪᠠᠷ ᠡᠳᠦᠢ ᠲᠡᠳᠦᠢ ᠲᠤᠷᠰᠢᠯᠭ᠎ᠠ ᠬᠤᠷᠠᠮᠳᠤᠭᠤᠯᠤᠭᠰᠠᠨ | ᠪᠠᠶᠢᠬᠤ ᠶᠤᠰᠤᠲᠠᠢ᠂ ᠪᠢᠳᠡ ᠵᠤᠬᠢᠰᠳᠠᠢ ᠦᠶ᠎ᠡ ᠳᠤ ᠡᠯ᠎ᠡ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯᠲᠠᠨ᠂ ᠵᠢᠭᠠᠬᠤ ᠶᠢ ᠰᠤᠳᠤᠯᠬᠤ ᠪᠠᠶᠢᠭᠤᠯᠤᠮᠵᠢ ᠪᠤᠯᠤᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ᠂ ᠵᠠᠬᠢᠷᠤᠯ ᠢ ᠵᠤᠬᠢᠶᠠᠨ ᠪᠠᠶᠢᠭᠤᠯᠵᠦ ᠰᠤᠷᠤᠯᠴᠠᠯᠭ᠎ᠠ ᠰᠤᠯᠢᠯᠴᠠᠭ᠎ᠠ ᠬᠢᠵᠦ᠂ ᠮᠠᠨ ᠤ | ᠤᠷᠤᠨ ᠤ ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠳᠤ ᠠᠰᠢᠭᠲᠠᠢ | ᠰᠤᠷᠭᠠᠮᠵᠢ ᠪᠠ ᠯᠠᠪᠯᠠᠯᠲᠠ ᠬᠠᠩᠭᠠᠨ᠎ᠠ᠃ | 11. ᠠᠰᠠᠭᠤᠯᠳᠠ᠄ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ | ᠳᠠᠷᠠᠭ᠎ᠠ ᠦᠨᠳᠦᠰᠦᠳᠡᠨ ᠤ ᠬᠡᠯᠡᠨ ᠤ ᠬᠢᠴᠢᠶᠡᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠬᠡᠷᠬᠢᠨ | ᠵᠡᠷᠭᠡ ᠪᠠᠷ ᠳᠡᠭᠡᠭᠰᠢᠯᠡᠬᠦᠯᠬᠦ ᠪᠤᠢ︖ ᠦᠪᠡᠷᠳᠡᠭᠡᠨ ᠵᠠᠰᠠᠬᠤ ᠣᠷᠤᠨ ᠠᠴᠠ ᠬᠤᠯᠪᠤᠭᠳᠠᠯ ᠪᠦᠬᠦᠢ ᠳᠦᠯᠦᠪᠯᠡᠭᠡ | ᠳᠤᠬᠢᠷᠠᠭᠤᠯᠤᠯᠳᠠ ᠪᠠᠶᠢᠨ᠎ᠠ ᠦᠦ︖ | ᠬᠠᠷᠢᠭᠤᠯᠳᠠ᠄ ᠦᠨᠳᠦᠰᠦᠳᠡᠨ ᠤ ᠬᠡᠯᠡᠨ ᠤ ᠬᠢᠴᠢᠶᠡᠯ ᠤᠨ ᠵᠢᠭᠠᠨ ᠰᠣᠷᠭᠠᠯᠳᠠ ᠶᠢᠨ ᠴᠢᠨᠠᠷ ᠴᠢᠨᠰᠠᠭ᠎ᠠ ᠶᠢ | ᠪᠠᠳᠤᠯᠠᠨ ᠳᠡᠭᠡᠭᠰᠢᠯᠡᠬᠦᠯᠬᠦ ᠶᠢᠨ ᠳᠦᠯᠦᠬᠡ ᠦᠪᠡᠷᠳᠡᠭᠡᠨ ᠵᠠᠰᠠᠬᠤ ᠣᠷᠤᠨ ᠠᠴᠠ ᠶᠠᠭ ᠪᠠᠭᠰᠢ ᠶᠢ ᠬᠦᠮᠦᠵᠢᠬᠦᠯᠦᠨ | ᠪᠤᠯᠪᠠᠰᠤᠷᠠᠭᠤᠯᠬᠤ ᠪᠠ ᠨᠦᠬᠦᠨ ᠡᠯᠰᠡᠬᠦ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠳᠤᠭᠳᠠᠭᠠᠵᠤ᠂ | ᠦᠨᠳᠦᠰᠦᠳᠡᠨ ᠤ ᠰᠤᠷᠭᠠᠭᠤᠯᠢ ᠶᠢᠨ ᠪᠠᠭᠰᠢ ᠶᠢᠨ ᠬᠢᠷᠢ ᠳᠦᠪᠰᠢᠨ ᠢ ᠬᠦᠴᠦᠯᠡᠨ ᠳᠡᠭᠡᠭᠰᠢᠯᠡᠬᠦᠯᠬᠦ ᠪᠠᠷ ᠪᠤᠢ᠂ | ᠲᠡᠷᠡᠴᠢᠯᠡᠨ ᠣᠷᠤᠨ ᠤ ᠳᠤᠳᠤᠷᠠᠬᠢ ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠪᠠ ᠬᠢᠳᠠᠳ ᠬᠡᠯᠨ ᠪᠠᠷ ᠬᠢᠴᠢᠶᠡᠯᠯᠡᠬᠦ | ᠳᠤᠮᠳᠠᠳᠤ ᠪᠠᠭ᠎ᠠ ᠰᠤᠷᠭᠠᠭᠤᠯᠢ ᠶᠢᠨ ᠬᠡᠯᠨ ᠪᠢᠴᠢᠭ ᠤᠨ ᠭᠤᠤᠯᠯᠠᠭᠴᠢ ᠪᠠᠭᠰᠢ ᠪᠤᠯᠤᠨ ᠳᠤᠰᠬᠠᠢ ᠮᠡᠷᠭᠡᠵᠢᠯᠳᠡᠨ᠂ | ᠡᠷᠳᠡᠮᠳᠡᠳ ᠢ ᠵᠤᠬᠢᠶᠠᠨ ᠪᠠᠶᠢᠭᠤᠯᠵᠤ ︽ᠪᠦᠬᠦ ᠣᠷᠤᠨ ᠤ ᠦᠨᠳᠦᠰᠦᠳᠡᠨ ᠤ ᠬᠡᠯᠨ ᠪᠠᠷ ᠬᠢᠴᠢᠶᠡᠯᠯᠡᠬᠦ | ᠰᠤᠷᠭᠠᠭᠤᠯᠢ ᠶᠢᠨ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠵᠢᠭᠠᠨ | ᠰᠤᠷᠭᠠᠯᠳᠠ ᠶᠢᠨ ᠰᠠᠨᠠᠭᠤᠯᠭ᠎ᠠ ᠬᠢᠬᠡᠳ ᠦᠨᠡᠯᠡᠯᠳᠡ ᠶᠢᠨ ᠱᠠᠭᠠᠷᠳᠠᠯᠭ᠎ᠠ︾ ᠶᠢ ᠨᠠᠶᠢᠷᠠᠭᠤᠯᠤᠨ ᠵᠣᠬᠢᠶᠠᠵᠤ᠂ ᠪᠤᠳᠠᠳᠠᠢ | ᠵᠢᠭᠠᠨ ᠰᠤᠷᠭᠠᠯᠳᠠ ᠶᠢᠨ ᠶᠠᠪᠤᠴᠠ ᠳᠠᠭᠠᠨ ᠬᠦᠮᠦᠨ ᠢᠶᠠᠷ ᠭᠤᠤᠯ ᠪᠤᠯᠭᠠᠬᠤ᠂ ᠪᠠᠶᠢᠳᠠᠯ ᠳᠤᠨᠢ ᠵᠤᠬᠢᠴᠠᠭᠤᠯᠤᠨ ᠵᠢᠭᠠᠨ | ᠰᠤᠷᠭᠠᠬᠤ᠂ ᠭᠠᠵᠠᠷ ᠣᠷᠤᠨ ᠤ ᠪᠠᠶᠢᠳᠠᠯ ᠳᠤ ᠳᠤᠬᠢᠷᠠᠭᠤᠯᠬᠤ᠂ ᠪᠦᠬᠦ ᠰᠣᠷᠤᠭᠴᠢ ᠳᠤ ᠬᠠᠨᠳᠤᠭᠤᠯᠬᠤ᠂ | ᠬᠡᠷᠡᠭᠯᠡᠬᠦ ᠶᠢᠨ ᠳᠦᠯᠦᠬᠡ ᠰᠤᠷᠬᠤ ᠦᠨᠳᠦᠰᠦᠨ ᠵᠠᠷᠴᠢᠮ ᠢ ᠪᠠᠷᠢᠮᠳᠠᠯᠠᠨ᠂ ᠬᠢᠴᠢᠶᠡᠯ ᠤᠨ ᠴᠠᠭ ᠤᠨ ᠬᠤᠪᠢᠶᠠᠷᠢᠯᠠᠯᠳᠠ᠂ | ᠰᠤᠷᠭᠠᠨ ᠬᠦᠮᠦᠵᠢᠬᠦᠯᠬᠦ ᠠᠭᠤᠯᠭ᠎ᠠ ᠶᠢᠨ ᠳᠤᠬᠢᠷᠠᠭᠤᠯᠤᠯᠳᠠ᠂ ᠡᠯ᠎ᠡ ᠬᠡᠰᠡᠭ ᠤᠨ ᠵᠢᠭᠠᠨ ᠰᠤᠷᠭᠠᠯᠳᠠ ᠶᠢᠨ | ᠭᠤᠤᠯᠳᠠᠯᠭ᠎ᠠ᠂ ᠵᠢᠴᠢ ᠦᠨᠡᠯᠡᠯᠳᠡ ᠶᠢᠨ ᠱᠠᠭᠠᠷᠳᠠᠯᠭ᠎ᠠ ᠳᠤ ᠰᠠᠨᠠᠭᠤᠯᠭ᠎ᠠ ᠪᠠ ᠱᠠᠭᠠᠷᠳᠠᠯᠭ᠎ᠠ ᠲᠤᠷᠠᠳᠬᠤ ᠶᠢ | ᠲᠤᠳᠤᠷᠬᠠᠶᠢᠯᠠᠭᠰᠠᠨ ᠪᠠᠶᠢᠨ᠎ᠠ᠃ ᠦᠪᠡᠷᠳᠡᠭᠡᠨ ᠵᠠᠰᠠᠬᠤ ᠣᠷᠤᠨ ᠠᠴᠠ ᠬᠤᠰᠢᠭᠤ ᠰᠢᠶᠠᠨ ᠤ ᠬᠡᠪᠴᠢᠶᠡᠨ ᠳᠠᠬᠢ | ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠬᠢᠬᠡᠳ ᠬᠢᠳᠠᠳ ᠬᠡᠯᠨ ᠪᠠᠷ ᠬᠢᠴᠢᠶᠡᠯᠯᠡᠬᠦ | ᠳᠤᠮᠳᠠᠳᠤ ᠪᠠᠭ᠎ᠠ ᠰᠤᠷᠭᠠᠭᠤᠯᠢ ᠶᠢᠨ ᠢᠵᠢᠯ ᠠᠯᠬᠤᠮ ᠢᠶᠠᠷ ᠶᠠᠪᠤᠭᠳᠠᠭᠤᠯᠬᠤ ᠵᠢᠭᠠᠨ ᠰᠤᠷᠭᠠᠯᠳᠠ ᠶᠢᠨ ᠰᠣᠳᠤᠯᠭᠠᠨ | ᠪᠤᠯᠤᠨ ᠬᠢᠴᠢᠶᠡᠯ ᠪᠡᠯᠡᠳᠭᠡᠬᠦ ᠠᠵᠢᠯ ᠤᠨ ᠬᠤᠯᠪᠤᠯᠳᠤᠨ ᠨᠡᠪᠳᠡᠷᠡᠯᠴᠡᠬᠦ ᠳᠦᠷᠢᠮ ᠲᠤᠬᠳᠠᠭᠠᠬᠤ ᠶᠢ ᠳᠡᠮᠵᠢᠵᠦ᠂ | ᠣᠷᠤᠨ ᠲᠤᠭᠤᠷᠢᠭ ᠤᠨ ᠦᠨᠳᠦᠰᠦᠳᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠰᠣᠳᠤᠯᠭᠠᠨ ᠤ ᠳᠦᠪᠰᠢᠨ ᠢ ᠳᠡᠭᠡᠭᠰᠢᠯᠡᠬᠦᠯᠦᠨ᠎ᠡ᠃ ᠡᠯ᠎ᠡ ᠭᠠᠵᠠᠷ ᠤᠨ ᠬᠢᠨ ᠮᠤᠩᠭᠤᠯ ᠬᠡᠯᠨ ᠪᠠᠷ ᠬᠢᠴᠢᠶᠡᠯᠯᠡᠬᠦ | ᠰᠤᠷᠭᠠᠭᠤᠯᠢ ᠶᠢᠨ ᠬᠤᠯᠪᠤᠭ᠎ᠠ᠂ ᠮᠤᠩᠭᠤᠯ ᠬᠢᠳᠠᠳ ᠰᠤᠷᠭᠠᠭᠤᠯᠢ ᠶᠢᠨ ᠬᠤᠯᠪᠤᠭ᠎ᠠ ᠪᠠᠶᠢᠭᠤᠯᠬᠤ ᠶᠢ ᠵᠤᠷᠢᠭᠵᠢᠭᠤᠯᠵᠤ᠂ | ᠰᠤᠷᠭᠠᠭᠤᠯᠢ ᠶᠢᠨ ᠬᠤᠭᠤᠷᠤᠨᠳᠤᠬᠢ ᠬᠠᠮᠳᠤᠷᠠᠯᠴᠠᠭ᠎ᠠ ᠶᠢ ᠬᠦᠨᠵᠡᠭᠡᠢ ᠥᠷᠨᠢᠬᠦᠯᠦᠨ᠎ᠡ᠃ ᠣᠳᠤᠬᠢᠴᠢᠯᠠᠭᠰᠠᠨ ᠵᠢᠭᠠᠨ | ᠰᠣᠷᠭᠠᠯᠳᠠ ᠶᠢᠨ ᠠᠷᠭ᠎ᠠ ᠪᠠᠷᠢᠯ ᠤᠨ ᠬᠡᠷᠡᠭᠯᠡᠯᠳᠡ ᠶᠢ ᠤᠯᠠᠮ ᠴᠢᠨᠠᠬᠰᠢᠳᠠ ᠴᠢᠩᠭᠠᠳᠬᠠᠨ᠎ᠠ᠃ ᠤᠳᠤᠬᠠᠨ ᠳᠤ ᠮᠠᠨ ᠤ | ᠣᠷᠤᠨ ᠤ ᠦᠨᠳᠦᠰᠦᠳᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠩᠬᠢᠮ ᠳᠤ ᠨᠡᠶᠢᠳᠡᠮ ᠳᠡᠭᠡᠨ | ᠤᠯᠠᠨ ᠵᠠᠭᠤᠴᠢᠳᠦ ᠵᠢᠭᠠᠨ ᠰᠤᠷᠭᠠᠯᠳᠠ ᠶᠢᠨ ᠳᠦᠬᠦᠭᠡᠷᠦᠮᠵᠢ ᠤᠬᠰᠠᠷᠠᠭᠤᠯᠤᠬᠰᠠᠨ ᠮᠦᠷᠳᠡᠬᠡᠨ ᠪᠦᠷ ᠢᠨᠲ᠋ᠧᠷ | ᠰᠦᠯᠵᠢᠶ᠎ᠡ ᠵᠠᠯᠭᠠᠭᠰᠠᠨ ᠠᠴᠠ ᠣᠯᠠᠨ ᠵᠠᠭᠤᠴᠢᠳᠤ ᠵᠢᠭᠠᠨ ᠰᠣᠷᠭᠠᠯᠳᠠ ᠶᠢᠨ ᠰᠢᠰᠲ᠋ᠧᠮ ᠢ ᠠᠰᠢᠬᠯᠠᠨ ︽ᠢᠵᠢᠯ | ᠲᠡᠯᠭᠡᠴᠡᠳᠦ ᠬᠤᠷᠰᠢᠯ︾ ᠤᠨ ᠵᠢᠭᠠᠨ ᠰᠣᠷᠭᠠᠯᠳᠠ ᠶᠢᠨ ᠠᠵᠢᠯᠯᠠᠭᠠᠨ ᠢ ᠦᠷᠨᠢᠬᠦᠯᠬᠦ ᠮᠡᠳᠡᠭᠡ ᠵᠠᠩᠬᠢᠴᠢᠯᠠᠯᠳᠠ ᠶᠢᠨ | ᠣᠷᠴᠢᠨ ᠳᠤᠭᠤᠷᠢᠨ ᠲᠠᠢ ᠪᠤᠯᠤᠭᠰᠠᠨ ᠪᠠᠶᠢᠨ᠎ᠠ᠂ ᠦᠪᠡᠷᠳᠡᠭᠡᠨ ᠵᠠᠰᠠᠬᠤ ᠣᠷᠤᠨ ᠠᠴᠠ ᠶᠠᠭ ᠨᠢᠬᠡᠳᠦᠯᠳᠡᠢ | ᠨᠠᠶᠢᠷᠠᠭᠤᠯᠤᠭᠰᠠᠨ ᠭᠤᠷᠪᠠᠨ ᠳᠦᠷᠦᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠬᠡᠷᠡᠭᠯᠡᠬᠦ ᠠᠬᠢᠴᠠ ᠶᠢ | ᠦᠨᠳᠦᠰᠦᠯᠡᠨ᠂ ︽ᠢᠵᠢᠯ ᠠᠯᠬᠤᠮᠳᠤ ᠬᠢᠴᠢᠶᠡᠯ ᠤᠨ ᠳᠠᠩᠬᠢᠮ︾ ᠤᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ | ᠦᠷᠨᠢᠬᠦᠯᠵᠦ᠂ ᠨᠡᠷᠡᠳᠦ᠂ ᠰᠢᠯᠢᠳᠡᠭ᠂ ᠭᠤᠤᠯᠯᠠᠭᠴᠢ ᠪᠠᠭᠰᠢ ᠨᠠᠷ ᠢ ᠵᠤᠬᠢᠶᠠᠨ ᠪᠠᠶᠢᠭᠤᠯᠵᠤ᠂ ᠢᠵᠢᠯ ᠠᠯᠬᠤᠮᠳᠤ | ᠬᠢᠴᠢᠶᠡᠯᠯᠡᠭᠡ ᠶᠢᠨ ᠮᠠᠲ᠋ᠧᠷᠢᠶᠠᠯ ᠢ ᠨᠠᠶᠢᠷᠠᠭᠤᠯᠤᠨ᠂ ᠦᠪᠡᠷᠳᠡᠬᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ | ᠡᠭᠦᠯᠡᠨ ᠳᠠᠪᠴᠠᠩ ᠳᠤ ᠳᠦᠰᠢᠭᠯᠡᠵᠦ᠂ ᠨᠢᠬᠡᠳᠦᠯᠳᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠬᠢᠴᠢᠶᠡᠯ ᠤᠨ | ᠲᠤᠰᠠᠯᠠᠮᠵᠢ ᠵᠢᠭᠠᠨ ᠰᠤᠷᠭᠠᠯᠳᠠ ᠶᠢᠨ ᠡᠬᠢ ᠪᠠᠶᠠᠯᠢᠬ ᠢ ᠪᠦᠳᠦᠭᠡᠨ ᠪᠠᠶᠢᠭᠤᠯᠵᠦ ᠪᠠᠶᠢᠨ᠎ᠠ᠂ ᠡᠬᠦᠨ ᠳᠤ ᠬᠢᠴᠢᠶᠡᠯ ᠤᠨ | ᠳᠤᠨᠤᠭ᠂ ᠺᠤᠨ᠋ᠰᠫᠧᠺᠲ᠂ ᠪᠢᠴᠢᠯ ᠸᠢᠳᠢᠤ᠋᠂ ᠪᠢᠴᠢᠯ ᠬᠢᠴᠢᠶᠡᠯᠯᠡᠭᠡ ᠵᠡᠷᠭᠡ ᠶᠢ ᠪᠠᠭᠳᠠᠭᠠᠵᠦ ᠪᠠᠶᠢᠨ᠎ᠠ᠂ ᠡᠨᠡ ᠨᠢ ᠪᠠᠭᠰᠢ | ᠨᠠᠷ ᠤᠨ ᠵᠢᠭᠠᠨ ᠰᠣᠷᠭᠠᠯᠳᠠ ᠳᠤ ᠡᠬᠢ ᠪᠠᠶᠠᠯᠢᠬ ᠤᠨ ᠲᠤᠯᠭᠠᠭᠤᠷᠢᠯᠠᠯ ᠬᠠᠩᠭᠠᠬᠤ ᠪᠤᠯᠤᠨ᠎ᠠ᠃ | 12. ᠠᠰᠠᠭᠤᠯᠲᠠ᠄ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ | ᠲᠠᠷᠠᠭ᠎ᠠ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ | ᠵᠢᠭᠠᠬᠤ ᠶᠢ ᠰᠣᠳᠣᠯᠬᠤ ᠰᠠᠯᠠᠭ᠎ᠠ ᠮᠦᠴᠢᠷ ᠠᠴᠠ ᠦᠨᠳᠦᠰᠦᠲᠡᠨ ᠤ ᠰᠣᠷᠭᠠᠭᠤᠯᠢ᠂ ᠦᠨᠳᠦᠰᠦᠲᠡᠨ ᠤ ᠦᠭᠡ | ᠬᠡᠯᠡ ᠪᠠᠷ ᠬᠢᠴᠢᠶᠡᠯᠯᠡᠵᠦ ᠪᠠᠶᠢᠭ᠎ᠠ ᠰᠣᠷᠣᠭᠴᠢᠳ ᠤᠨ ᠣᠨᠴᠠᠯᠢᠭ ᠬᠢᠭᠡᠳ ᠪᠣᠳᠠᠳᠣ ᠪᠠᠶᠢᠳᠠᠯ ᠲᠠᠢ ᠣᠶᠠᠯᠳᠣᠭᠤᠯᠵᠣ᠂ | ᠭᠤᠷᠪᠠᠨ ᠲᠦᠷᠦᠯ ᠤᠨ ᠬᠢᠴᠢᠶᠠᠯ ᠤᠨ ᠵᠢᠭᠠᠨ ᠰᠣᠷᠭᠠᠬᠤ ᠬᠦᠳᠦᠯᠪᠦᠷᠢ ᠬᠢᠭᠡᠳ ᠰᠢᠯᠭᠠᠯᠳᠠ ᠶᠢᠨ | ᠲᠣᠲᠣᠷᠬᠠᠶᠢᠯᠠᠯᠲᠠ ᠶᠢ ᠲᠤᠭᠳᠠᠭᠠᠬᠤ ᠤᠤ︖ | ᠬᠠᠷᠢᠭᠤᠯᠲᠠ᠄ ᠣᠯᠣᠰ ᠤᠨ ᠰᠣᠷᠭᠠᠨ ᠬᠦᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠬᠤᠶᠢᠰᠢᠲᠠ | ᠡᠯ᠎ᠡ ᠭᠠᠵᠠᠷ ᠤᠨ ᠰᠢᠯᠭᠠᠯᠲᠠ ᠳᠤ ᠳᠠᠬᠢᠭᠠᠳ ᠨᠢᠭᠡᠳᠦᠯᠳᠠᠢ ᠵᠢᠭᠠᠨ ᠰᠣᠷᠭᠠᠬᠤ ᠬᠦᠳᠦᠯᠪᠦᠷᠢ ᠬᠢᠭᠡᠳ ᠰᠢᠯᠭᠠᠯᠲᠠ ᠶᠢᠨ | ᠲᠣᠳᠣᠷᠬᠠᠶᠢᠯᠠᠯᠲᠠ ᠨᠠᠶᠢᠷᠠᠭᠤᠯᠵᠦ ᠪᠢᠴᠢᠬᠦ ᠦᠭᠡᠢ᠂ ᠰᠢᠯᠭᠠᠯᠲᠠ ᠶᠢᠨ ᠰᠡᠳᠦᠪ ᠭᠠᠷᠭᠠᠬᠤ ᠳᠤ ᠭᠤᠥᠯᠳᠠᠭᠤ | ᠣᠯᠣᠰ ᠤᠨ ᠬᠢᠴᠢᠶᠡᠯ ᠤᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠵᠤ᠂ ᠵᠢᠭᠠᠬᠤ ᠪᠠ ᠰᠢᠯᠭᠠᠬᠤ ᠶᠢ ᠰᠠᠯᠭᠠᠨ᠎ᠠ᠃ | ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠣᠷᠭᠠᠭᠤᠯᠢ ᠣᠯᠥᠰ ᠤᠨ ᠨᠢᠭᠡᠳᠦᠯᠲᠡᠢ ᠨᠠᠶᠢᠷᠠᠭᠤᠯᠤᠭᠰᠠᠨ | ᠭᠤᠷᠪᠠᠨ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠵᠢᠭᠠᠬᠤ ᠶᠢ ᠰᠣᠳᠣᠯᠬᠤ | ᠰᠠᠯᠠᠭ᠎ᠠ ᠮᠦᠴᠢᠷ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠣᠷᠭᠠᠭᠤᠯᠢ ᠶᠢᠨ ᠪᠣᠳᠠᠳᠣ ᠪᠠᠶᠢᠳᠠᠯ ᠢ | ᠦᠨᠳᠦᠰᠦᠯᠡᠵᠦ᠂ ᠦᠨᠡᠨ ᠠᠴᠠ ᠵᠦᠪ ᠢ ᠡᠷᠢᠬᠦ ᠵᠠᠷᠴᠢᠮ ᠢᠶᠠᠷ᠂ ᠣᠯᠣᠰ ᠤᠨ ᠬᠢᠴᠢᠶᠡᠯ ᠤᠨ ᠪᠠᠷᠢᠮᠵᠢᠶ᠎ᠠ ᠵᠢᠴᠢ ᠮᠠᠨ ᠤ | ᠣᠷᠣᠨ ᠠᠴᠠ ᠲᠣᠭᠲᠠᠭᠠᠭᠰᠠᠨ ᠵᠢᠭᠠᠨ ᠰᠤᠷᠭᠠᠯᠲᠠ ᠶᠢᠨ ᠵᠢᠯᠤᠭᠤᠳᠬᠤ ᠰᠠᠨᠠᠯ ᠪᠠ ᠦᠨᠡᠯᠡᠬᠦ ᠱᠠᠭᠠᠷᠳᠠᠯᠭ᠎ᠠ ᠶᠢ | ᠦᠨᠳᠦᠰᠦᠯᠡᠵᠦ ᠬᠠᠮᠢᠶ᠎ᠠ ᠪᠦᠬᠦᠢ ᠬᠢᠴᠢᠶᠡᠯ ᠲᠦᠷᠦᠯ ᠤᠨ ᠰᠢᠯᠭᠠᠯᠳᠠ ᠶᠢᠨ ᠲᠣᠲᠣᠷᠬᠠᠶᠢᠯᠠᠯᠲᠠ ᠶᠢ ᠲᠣᠭᠲᠠᠭᠠᠨ᠂ | ᠡᠯ᠎ᠡ ᠭᠠᠵᠠᠷ ᠲᠤ ᠬᠠᠩᠭᠠᠵᠣ ᠵᠢᠭᠠᠨ ᠰᠣᠷᠭᠠᠯᠲᠠ ᠳᠤᠨᠢ ᠬᠢᠨᠠᠯᠲᠠ ᠪᠤᠯᠭᠠᠨ ᠬᠡᠷᠡᠭᠯᠡᠭᠦᠯᠦᠨ᠎ᠡ᠃ | 13. ᠠᠰᠠᠭᠤᠯᠲᠠ᠄ ᠦᠪᠡᠷᠲᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ | ᠦᠨᠳᠦᠰᠦᠲᠡᠨ ᠤ ᠰᠣᠷᠭᠠᠭᠤᠯᠢ ᠳᠤ ᠪᠦᠬᠦ ᠣᠷᠣᠨ ᠤ ᠦᠨᠳᠦᠰᠦᠲᠡᠨ ᠤ ᠰᠣᠷᠭᠠᠭᠤᠯᠢ ᠶᠢᠨ ᠰᠣᠷᠣᠭᠴᠢ ᠪᠠ | ᠬᠢᠲᠠᠳ ᠢᠶᠠᠷ ᠬᠢᠴᠢᠶᠡᠯᠯᠡᠵᠦ ᠪᠠᠶᠢᠭ᠎ᠠ ᠰᠣᠷᠣᠭᠴᠢᠳ ᠤᠨ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ | ᠪᠢᠴᠢᠭ︾ ᠤᠨ ᠬᠢᠴᠢᠶᠡᠯ ᠤᠨ ᠳᠠᠯ᠎ᠠ ᠪᠠᠷ ᠬᠢ ᠵᠢᠭᠠᠨ ᠰᠣᠷᠭᠠᠯᠲᠠ ᠶᠢᠨ ᠲᠤᠭ᠎ᠠ ᠪᠠᠷᠢᠮᠳᠠ᠂ ᠬᠢᠷᠢ ᠪᠦᠲᠦᠮᠵᠢ ᠶᠢᠨ | ᠲᠤᠭ᠎ᠠ ᠪᠠᠷᠢᠮᠳᠠ ᠵᠡᠷᠭᠡ ᠶᠢ ᠬᠠᠩᠭᠠᠵᠣ᠂ ᠰᠣᠷᠭᠠᠭᠤᠯᠢ ᠶᠢᠨ ᠬᠢᠨ ᠬᠠᠷᠢᠴᠠᠭᠤᠯᠤᠨ ᠵᠠᠳᠠᠯᠵᠤ᠂ ᠮᠣᠩᠭᠤᠯ ᠢᠶᠠᠷ | ᠬᠢᠴᠢᠶᠡᠯᠯᠡᠵᠦ ᠪᠠᠶᠢᠭ᠎ᠠ ᠰᠣᠷᠭᠠᠨ ᠬᠦᠮᠦᠵᠢᠯ ᠤᠨ ᠳᠣᠳᠠᠭᠤᠳᠠᠯ ᠢᠶᠠᠨ ᠡᠷᠢᠨ ᠭᠠᠷᠭᠠᠵᠤ᠂ ᠮᠤᠩᠭᠤᠯ ᠢᠶᠠᠷ ᠬᠢᠴᠢᠶᠡᠯᠯᠡᠬᠦ | ᠰᠣᠷᠭᠠᠨ ᠬᠦᠮᠦᠵᠢᠯ ᠤᠨ ᠶᠡᠰᠦ ᠴᠢᠨᠠᠷ ᠢ ᠲᠡᠭᠡᠭᠰᠢᠯᠡᠭᠦᠯᠬᠦ ᠳᠤ ᠳᠦᠭᠦᠮ ᠦᠵᠡᠭᠦᠯᠬᠦ ᠦᠦ︖ | ᠬᠠᠷᠢᠭᠤᠯᠲᠠ᠄ ᠵᠢᠭᠠᠨ ᠰᠣᠷᠭᠠᠬᠤ ᠶᠠᠰᠦ ᠴᠢᠨᠠᠷ ᠢ ᠬᠠᠷᠢᠴᠠᠭᠤᠯᠣᠨ ᠰᠣᠳᠣᠯᠬᠤ ᠪᠣᠯ ᠨᠢᠭᠡᠨ ᠴᠢᠬᠤᠯᠠ ᠠᠵᠢᠯ | ᠮᠦᠨ᠂ ᠬᠠᠷᠢᠴᠠᠭᠤᠯᠣᠭᠰᠠᠨ ᠰᠣᠳᠣᠯᠭᠠᠨ ᠢ ᠰᠠᠶᠢᠳᠣᠷ ᠬᠢᠬᠦ ᠨᠢ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ | ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠵᠢᠭᠠᠨ ᠰᠣᠷᠭᠠᠬᠤ ᠶᠠᠰᠣ ᠴᠢᠨᠠᠷ ᠢ ᠳᠡᠭᠡᠭᠰᠢᠯᠡᠭᠦᠯᠬᠦ ᠳᠤ | ᠬᠠᠪᠰᠣᠷᠣᠯᠭ᠎ᠠ ᠪᠣᠯᠬᠤ ᠶᠣᠮ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠡᠨᠡᠬᠦ ᠠᠵᠢᠯ ᠢ | ᠬᠡᠷᠡᠭᠯᠡᠭᠡᠨ ᠤ ᠰᠣᠳᠣᠯᠭᠠᠨ ᠤ ᠰᠡᠳᠦᠪ ᠢᠶᠠᠷ ᠲᠣᠭᠲᠠᠭᠠᠵᠤ᠂ ᠬᠠᠮᠢᠶ᠎ᠠ ᠪᠦᠬᠦᠢ ᠰᠤᠳᠤᠯᠭᠠᠨ ᠤ ᠰᠠᠯᠠᠭ᠎ᠠ ᠮᠦᠴᠢᠷ ᠲᠤ | ᠨᠠᠶᠢᠳᠠᠨ ᠬᠠᠷᠢᠴᠠᠭᠤᠯᠤᠭᠰᠠᠨ ᠰᠣᠳᠣᠯᠭᠠᠨ ᠤ ᠪᠣᠷᠣ ᠲᠦᠯᠦᠪ ᠢ ᠲᠤᠭᠳᠠᠭᠠᠬᠤ ᠶᠢᠨ ᠬᠠᠮᠳᠣ᠂ ᠠᠶᠢᠮᠠᠭ ᠬᠤᠲᠠ | ᠬᠤᠰᠢᠭᠤ ᠰᠢᠶᠠᠨ ᠤ ᠬᠤᠯᠪᠤᠭᠳᠠᠯ ᠪᠦᠬᠦᠢ ᠰᠣᠷᠭᠠᠭᠤᠯᠢ ᠶᠢ ᠰᠣᠩᠭᠤᠵᠣ ᠦᠯᠢᠭᠡᠷ ᠶᠠᠩᠵᠤ ᠶᠢ ᠲᠣᠷᠰᠢᠬᠤ | ᠰᠣᠳᠣᠯᠭᠠᠨ ᠦᠷᠨᠢᠭᠦᠯᠵᠦ᠂ ᠦᠨᠡᠨ ᠪᠣᠲᠠᠲᠠᠢ ᠰᠣᠳᠣᠯᠭᠠᠨ ᠤ ᠦᠷ᠎ᠡ ᠪᠦᠲᠦᠭᠡᠯ ᠪᠠ ᠲᠤᠭ᠎ᠠ ᠪᠠᠷᠢᠮᠳᠠ ᠶᠢᠨ | ᠵᠠᠳᠠᠯᠣᠯᠲᠠ ᠶᠢ ᠠᠰᠢᠬᠯᠠᠨ᠂ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠬᠠᠮᠢᠶᠠᠷᠣᠯᠲᠠ ᠪᠠᠨ ᠰᠠᠶᠢᠵᠢᠷᠠᠭᠤᠯᠬᠤ ᠳᠤ | ᠦᠨᠳᠦᠰᠦᠯᠡᠯ ᠬᠠᠩᠭᠠᠵᠣ᠂ ᠳᠣᠳᠠᠭᠤᠳᠠᠯ ᠢ ᠨᠢ ᠬᠦᠴᠦᠯᠡᠨ ᠨᠦᠬᠦᠪᠦᠷᠢᠯᠡᠨ᠂ ᠲᠦᠪ ᠭᠤᠥᠯᠴᠢ ᠮᠦᠷᠳᠡᠭᠡᠨ ᠴᠢᠨᠠᠷ | ᠰᠠᠶᠢᠳᠠᠢ ᠦᠨᠳᠦᠰᠦᠲᠡᠨ ᠤ ᠰᠣᠷᠭᠠᠨ ᠬᠦᠮᠦᠵᠢᠯ ᠢ ᠰᠠᠶᠢᠳᠣᠷ ᠡᠷᠬᠢᠯᠡᠨ᠎ᠠ᠃ | 14. ᠠᠰᠠᠭᠤᠯᠲᠠ᠄ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠤᠭᠴᠢᠳ ᠲᠤ ᠠᠪᠴᠤ | ᠬᠡᠯᠡᠪᠡᠯ᠂ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ | ︽ᠲᠡᠤᠬᠡ︾ ᠶᠢᠨ ᠵᠢᠭᠠᠬᠤ ᠮᠠᠲ᠋ᠧᠷᠢᠶᠠᠯ ᠢ ᠬᠢᠲᠠᠳ ᠢᠶᠠᠷ ᠬᠢᠴᠢᠶᠡᠯᠯᠡᠭᠰᠡᠨ ᠤ ᠲᠠᠷᠠᠭ᠎ᠠ᠂ ᠤᠶᠢᠯᠠᠭᠠᠵᠤ ᠡᠵᠡᠮᠰᠢᠬᠦ | ᠬᠦᠴᠢᠷᠳᠡᠯ ᠨᠢ ᠦᠳᠳᠡᠷ ᠨᠡᠮᠡᠭᠳᠡᠵᠦ᠂ ᠶᠡᠭᠡ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ | ᠨᠢᠭᠡᠳᠤᠯᠳᠠᠢ ᠰᠢᠯᠭᠠᠯᠳᠠ ᠳᠤ ᠡᠨᠡ ᠬᠤᠶᠠᠷ ᠲᠦᠷᠦᠯ ᠤᠨ ᠬᠢᠴᠢᠶᠡᠯ ᠢ ᠰᠤᠩᠭᠤᠬᠤ ᠦᠭᠡᠢ ᠪᠠᠶᠢᠵᠤ ᠮᠡᠳᠡᠨ᠎ᠡ᠂ | ᠢᠩᠭᠢᠬᠦ ᠳᠤ ᠬᠦᠷᠪᠡᠯ ᠡᠨᠡ ᠬᠤᠶᠠᠷ ᠲᠦᠷᠦᠯ ᠤᠨ ᠬᠢᠴᠢᠶᠠᠯ ᠢ ᠵᠢᠭᠠᠬᠤ ᠪᠠᠭᠰᠢᠨᠠᠷ ᠠᠵᠢᠯ ᠰᠢᠯᠵᠢᠬᠦ ᠠᠰᠠᠭᠤᠳᠠᠯ | ᠢᠯᠡᠷᠡᠬᠦ ᠪᠣᠯᠣᠨ᠎ᠠ᠂ ᠡᠨᠡ ᠠᠰᠠᠭᠤᠳᠠᠯ ᠢ ᠬᠡᠷᠬᠢᠨ ᠤᠷᠢᠳᠴᠢᠯᠠᠨ ᠰᠡᠷᠭᠡᠶᠢᠯᠡᠬᠦ ᠪᠤᠶᠤ ᠰᠢᠢᠳᠪᠦᠷᠢᠯᠡᠬᠦ ᠪᠤᠢ︖ | ᠬᠠᠷᠢᠭᠤᠯᠲᠠ᠄ ᠤᠳᠤ ᠤᠯᠤᠰ ᠠᠴᠠ ᠶᠠᠭ ᠶᠡᠭᠡ ᠳᠡᠭᠡᠲᠦ ᠰᠤᠷᠭᠠᠭᠤᠯᠢ ᠳᠤ ᠰᠤᠷᠤᠭᠴᠢ ᠡᠯᠰᠡᠬᠦ ᠪᠦᠬᠦ | ᠤᠯᠤᠰ ᠤᠨ ᠨᠢᠭᠡᠳᠤᠯᠳᠠᠢ ᠰᠢᠯᠭᠠᠯᠲᠠ ᠳᠤ ᠦᠭᠡᠷᠡᠴᠢᠯᠡᠯᠲᠡ ᠬᠢᠵᠦ᠂ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂ ︽3+3︾ ᠵᠠᠭᠪᠤᠷ ᠢ ᠬᠡᠷᠡᠭᠵᠢᠭᠦᠯᠬᠦ ᠪᠠᠷ | ᠪᠠᠶᠢᠨ᠎ᠠ᠂ ᠲᠤᠬᠠᠶᠢᠯᠠᠪᠠᠯ᠄ ᠬᠡᠯᠡ ᠪᠢᠴᠢᠭ ︵ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ ᠪᠠ ᠮᠤᠩᠭᠤᠯ ᠬᠡᠯᠡ | ᠪᠢᠴᠢᠭ︶᠂ ᠲᠤᠭᠠᠨ ᠤ ᠤᠬᠠᠭᠠᠨ᠂ ᠭᠠᠳᠠᠭᠠᠳᠤ ᠬᠡᠯᠡ ᠶᠢ ᠡᠷᠬᠡᠪᠰᠢ ᠰᠢᠯᠭᠠᠬᠤ ᠬᠢᠴᠢᠶᠡᠯ ᠲᠦᠷᠦᠯ ᠪᠤᠯᠭᠠᠨ᠎ᠠ᠂ | ᠪᠤᠰᠤᠳ 3 ᠲᠦᠷᠦᠯ ᠤᠨ ᠬᠢᠴᠢᠶᠡᠯ ᠢ ᠰᠤᠷᠤᠭᠴᠢᠳ ᠰᠢᠯᠭᠠᠬᠤ ᠪᠠᠷ ᠮᠡᠳᠡᠭᠦᠯᠬᠦ ᠶᠡᠭᠡ ᠲᠡᠭᠡᠳᠦ | ᠰᠤᠷᠭᠠᠭᠤᠯᠢ ᠶᠢᠨ ᠢᠶᠠᠨ ᠱᠠᠭᠠᠷᠳᠠᠯᠭ᠎ᠠ ᠪᠠ ᠦᠪᠡᠷ ᠤᠨ ᠳᠠᠪᠠᠭᠤᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ | ᠤᠯᠤᠰ ᠲᠦᠷᠦ᠂ ᠲᠡᠤᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠠᠴᠠ 3 | ᠬᠢᠴᠢᠶᠡᠯ ᠲᠦᠷᠦᠯ ᠢ ᠪᠡᠶ᠎ᠡ ᠪᠠᠨ ᠲᠠᠭᠠᠭᠠᠨ ᠰᠤᠩᠭᠤᠵᠦ᠂ ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ | ᠣᠯᠣᠰ ᠤᠨ ᠨᠢᠭᠡᠳᠦᠯᠳᠡᠢ ᠰᠢᠯᠭᠠᠯᠲᠠ ᠶᠢᠨ ᠬᠢᠷᠢ ᠪᠦᠲᠦᠮᠵᠢ ᠳᠤᠨᠢ ᠪᠤᠳᠤᠵᠦ ᠤᠷᠤᠭᠤᠯᠤᠨ᠎ᠠ᠃ ᠡᠭᠦᠨ ᠤ | ᠵᠤᠷᠢᠯᠭ᠎ᠠ ᠨᠢ ᠰᠤᠷᠤᠭᠴᠢ ᠶᠢᠨ ᠬᠢᠴᠢᠶᠡᠯ ᠲᠦᠷᠦᠯ ᠢ ᠰᠤᠩᠭᠤᠬᠤ ᠤᠶᠤᠨ ᠬᠠᠳᠠᠨ ᠴᠢᠨᠠᠷ ᠢ ᠨᠡᠮᠡᠭᠳᠡᠭᠦᠯᠦᠨ᠂ | ᠰᠤᠷᠤᠭᠴᠢ ᠶᠢᠨ ᠭᠦᠭᠵᠢᠯᠲᠡ ᠳᠤ ᠨᠡᠩ ᠣᠯᠠᠨ ᠪᠤᠯᠤᠮᠵᠢ ᠦᠯᠡᠳᠡᠭᠡᠨ ᠦᠭᠴᠦ᠂ ᠰᠤᠷᠤᠭᠴᠢ ᠨᠡᠩ ᠶᠡᠭᠡ | ᠬᠡᠮᠵᠢᠶ᠎ᠡ ᠪᠠᠷ ᠦᠪᠡᠷ ᠤᠨ ᠳᠠᠪᠠᠭᠤᠯᠢᠭ ᠬᠢᠴᠢᠶᠡᠯ ᠲᠦᠷᠦᠯ ᠪᠠ ᠤᠨᠴᠠ ᠴᠢᠳᠠᠪᠤᠷᠢ ᠪᠠᠨ ᠪᠠᠳᠠᠷᠠᠭᠤᠯᠬᠤ ᠶᠢᠨ | ᠲᠦᠯᠦᠭᠡ ᠶᠣᠮ᠃ ᠲᠡᠳᠡᠭᠡᠷ ᠬᠢᠴᠢᠶᠡᠯ ᠲᠦᠷᠦᠯ ᠤᠨ ᠬᠡᠯᠪᠠᠶᠢᠯᠳᠡ ᠨᠡᠯᠢᠶᠡᠳ ᠶᠡᠭᠡ ᠰᠣᠷᠣᠭᠴᠢ ᠳᠤ ᠠᠪᠴᠣ ᠬᠡᠯᠡᠪᠡᠯ | ᠂ ᠰᠢᠨ᠎ᠡ ᠶᠡᠭᠡ ᠳᠡᠭᠡᠲᠦ ᠰᠣᠷᠭᠠᠭᠤᠯᠢ ᠶᠢᠨ ᠰᠢᠯᠭᠠᠯᠲᠠ ᠶᠢᠨ ᠵᠠᠭᠪᠤᠷ ᠨᠢ ᠲᠠᠳᠡᠨᠠᠷ ᠢ ᠦᠪᠡᠷ ᠤᠨ ᠳᠣᠷᠣᠢ ᠪᠠᠭᠤᠷᠠᠢ | ᠬᠢᠴᠢᠶᠡᠯ ᠲᠦᠷᠦᠯ ᠠᠴᠠ ᠨᠢ ᠵᠠᠶᠢᠯᠠᠰᠬᠢᠵᠤ᠂ ᠬᠠᠷᠢᠴᠠᠩᠭᠤᠢ ᠰᠠᠶᠢᠨ ᠬᠢᠴᠢᠶᠡᠯ ᠲᠦᠷᠦᠯ ᠢ ᠨᠢ ᠰᠣᠩᠭᠤᠭᠤᠯᠬᠤ | ᠪᠣᠯᠣᠨ᠎ᠠ᠂ ᠡᠨᠡ ᠨᠢ ᠰᠣᠷᠣᠯᠴᠠᠬᠤ ᠪᠠ ᠰᠣᠷᠭᠠᠭᠤᠯᠢ ᠲᠡᠭᠦᠰᠴᠦ ᠰᠣᠷᠭᠠᠭᠤᠯᠢ ᠳᠠᠪᠰᠢᠬᠤ ᠳᠤᠨᠢ ᠨᠡᠩ ᠠᠰᠢᠭᠲᠠᠢ ᠨᠢ | ᠯᠠᠪᠳᠠᠢ᠃ ᠣᠳᠣ ᠶᠢᠨ ᠬᠡᠷᠡᠭᠵᠢᠭᠦᠯᠵᠦ ᠪᠠᠶᠢᠭ᠎ᠠ ᠶᠡᠭᠡ ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠲᠦᠷᠦ ᠶᠢᠨ | ᠪᠣᠳᠣᠯᠭ᠎ᠠ ᠶᠢᠨ ᠶᠣᠰᠣᠭᠠᠷ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠢᠯᠭᠠᠭᠤᠯᠤᠭᠰᠠᠳ ᠤᠨ | ᠶᠡᠭᠡ ᠳᠡᠭᠡᠳᠦ ᠰᠣᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠲᠠ ᠳᠤ ᠮᠦᠨ ᠯᠡ | ᠲᠣᠰᠠᠭᠠᠷ ᠨᠢ ᠬᠤᠪᠢ ᠶᠢᠨ ᠱᠣᠭᠤᠮ ᠲᠣᠭᠳᠠᠭᠠᠵᠣ᠂ ᠲᠣᠰᠠᠭᠠᠷ ᠡᠯᠰᠡᠨ᠎ᠡ᠂ ᠦᠨᠳᠦᠰᠦᠲᠡᠨ ᠤ ᠦᠭᠡ ᠬᠡᠯᠡ ᠪᠠᠷ | ᠬᠢᠴᠢᠶᠡᠯᠯᠡᠵᠦ ᠪᠠᠶᠢᠭ᠎ᠠ ᠪᠣᠰᠣ ᠰᠣᠷᠣᠭᠴᠢᠳ ᠲᠠᠢ ᠦᠷᠢᠰᠦᠯᠳᠦᠬᠦ ᠦᠭᠡᠢ ᠶᠤᠮ᠃ ᠰᠢᠯᠭᠠᠭᠤᠯᠤᠭᠰᠠᠳ ᠶᠡᠭᠡ | ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ | ᠦᠶ᠎ᠡ ᠳᠤ ᠰᠣᠩᠭᠤᠬᠤ ᠬᠢᠴᠢᠶᠡᠯ ᠲᠦᠷᠦᠯ ᠤᠨ ᠬᠢᠨᠢ ᠲᠣᠭᠲᠠᠪᠣᠷᠢ ᠦᠭᠡᠢ ᠴᠢᠨᠠᠷ ᠪᠠ ᠲᠠᠰᠢᠷᠠᠮ ᠤᠨ ᠴᠢᠨᠠᠷ ᠠᠴᠠ | ᠪᠣᠯᠵᠣ᠂ ᠡᠯ᠎ᠡ ᠲᠦᠷᠦᠯ ᠤᠨ ᠡᠩ ᠤᠨ ᠳᠡᠭᠡᠳᠦ ᠵᠡᠷᠭᠡ ᠶᠢᠨ ᠳᠣᠮᠳᠠᠳᠣ ᠰᠣᠷᠭᠠᠭᠤᠯᠢ ᠶᠢᠨ ᠬᠡᠰᠡᠭ ᠬᠢᠴᠢᠶᠡᠯ | ᠲᠦᠷᠦᠯ ᠤᠨ ᠪᠠᠭᠰᠢ ᠳᠣᠲᠠᠭᠳᠠᠬᠤ ᠪᠠ ᠬᠡᠰᠡᠭ ᠬᠢᠴᠢᠶᠡᠯ ᠲᠦᠷᠦᠯ ᠤᠨ ᠪᠠᠭᠰᠢ ᠢᠯᠡᠭᠦᠳᠡᠬᠦ᠂ ᠴᠠᠭᠠᠰᠢᠯᠠᠭᠠᠳ | ᠪᠦᠳᠦᠴᠡ ᠶᠢᠨ ᠴᠢᠨᠠᠷ ᠲᠠᠢ ᠲᠡᠩᠴᠡᠭᠦᠷᠢ ᠪᠠᠨ ᠠᠯᠳᠠᠬᠤ ᠠᠰᠠᠭᠤᠳᠠᠯ ᠭᠠᠷᠴᠣ ᠮᠡᠳᠡᠨ᠎ᠡ᠂ ᠡᠶᠢᠨᠬᠦ ᠨᠢᠭᠡ ᠲᠠᠯ᠎ᠠ ᠪᠠᠷ | ᠪᠠᠭᠰᠢ ᠨᠠᠷ ᠤᠨ ᠰᠣᠷᠭᠠᠨ ᠬᠦᠮᠦᠵᠢᠭᠦᠯᠬᠦ ᠵᠢᠭᠠᠨ ᠰᠣᠷᠭᠠᠬᠤ ᠴᠢᠳᠠᠪᠤᠷᠢ ᠶᠢ ᠨᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠰᠣᠷᠣᠭᠴᠢᠳ ᠤᠨ ᠰᠣᠷᠣᠯᠴᠠᠬᠤ ᠣᠷᠮ᠎ᠠ ᠪᠠᠬ᠎ᠠ ᠬᠢᠭᠡᠳ ᠬᠢᠴᠢᠶᠡᠯ ᠰᠣᠩᠭᠤᠬᠤ ᠲᠠᠳᠠᠬᠤ | ᠬᠦᠴᠦᠨ ᠢ ᠨᠡᠮᠡᠭᠳᠡᠭᠦᠯᠬᠦ ᠶᠢ ᠱᠠᠭᠠᠷᠳᠠᠨ᠎ᠠ᠂ ᠨᠦᠭᠦᠭᠡ ᠲᠠᠯ᠎ᠠ ᠪᠠᠷ ᠪᠠᠰᠠ ᠪᠠᠭᠰᠢ ᠨᠠᠷ ᠢ ᠬᠦᠳᠡᠯᠦᠩᠭᠦᠢ ᠬᠠᠮᠢᠶᠠᠷᠬᠤ | ᠲᠤᠭᠳᠠᠴᠠ ᠶᠢ ᠪᠠᠶᠢᠭᠤᠯᠣᠨ ᠳᠡᠭᠦᠯᠳᠡᠷᠵᠢᠭᠦᠯᠵᠤ᠂ ᠪᠠᠭᠰᠢ ᠨᠠᠷ ᠢ ᠲᠡᠩᠴᠡᠭᠦᠷᠢ ᠲᠠᠢ ᠲᠤᠬᠢᠷᠠᠭᠤᠯᠬᠤ ᠠᠰᠠᠭᠤᠳᠠᠯ ᠢ | ᠰᠢᠢᠳᠪᠦᠷᠢᠯᠡᠬᠦ ᠶᠢ ᠱᠠᠭᠠᠷᠳᠠᠨ᠎ᠠ᠃ | 15. ᠠᠰᠠᠭᠤᠯᠲᠠ᠄ ᠦᠨᠳᠦᠰᠦᠲᠡᠨ ᠤ ᠰᠣᠷᠭᠠᠭᠤᠯᠢ ᠳᠤ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠰᠣᠷᠭᠠᠨ | ᠬᠦᠮᠦᠵᠢᠯ ᠤᠨ ᠰᠠᠯᠠᠭ᠎ᠠ ᠮᠦᠴᠢᠷ ᠠᠴᠠ ᠨᠢᠭᠡᠴᠢ ᠪᠦᠯᠦᠭ ᠤᠨ ᠲᠠᠷᠠᠭᠠᠯᠠᠯ ᠢᠶᠠᠷ ᠬᠢᠴᠢᠶᠡᠯ ᠪᠡᠯᠡᠳᠭᠡᠬᠦ ᠵᠢᠯᠤᠭᠤᠳᠬᠤ | ᠰᠠᠨᠠᠭᠤᠯᠭ᠎ᠠ ᠬᠢᠭᠡᠳ ᠣᠷᠴᠢᠭᠤᠯᠭ᠎ᠠ ᠶᠢᠨ ᠵᠢᠭᠠᠨ ᠰᠣᠷᠭᠠᠯᠲᠠ ᠶᠢ ᠬᠠᠪᠰᠣᠷᠣᠨ ᠵᠢᠯᠤᠭᠤᠳᠬᠤ ᠶᠢ ᠠᠯᠢ | ᠬᠤᠷᠳᠤᠨ ᠢᠶᠠᠷ ᠲᠣᠭᠲᠠᠭᠠᠨ ᠲᠠᠷᠬᠠᠭᠠᠵᠤ᠂ ᠴᠢᠳᠠᠬᠤᠶᠢᠴᠠ ᠲᠠᠷᠤᠢ ᠲᠦᠷᠭᠡᠨ ᠬᠢᠴᠢᠶᠡᠯ ᠡᠬᠢᠯᠡᠬᠦ ᠠᠰᠠᠭᠤᠳᠠᠯ ᠢ | ᠰᠢᠢᠳᠪᠦᠷᠢᠯᠡᠬᠦ ᠦᠦ︖ | ᠬᠠᠷᠢᠭᠤᠯᠲᠠ᠄ ᠡᠯ᠎ᠡ ᠭᠠᠵᠠᠷ ᠤᠨ ᠬᠢᠨ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ | ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠠᠪᠤᠴᠠ ᠳᠤ ᠣᠯᠠᠨ ᠵᠦᠢᠯ ᠤᠨ ᠡᠭᠡᠳᠡᠷᠡᠭᠡᠨ ᠪᠠ ᠬᠦᠴᠢᠷ ᠠᠰᠠᠭᠤᠳᠠᠯ | ᠲᠣᠯᠭᠠᠷᠠᠵᠤ ᠮᠡᠳᠡᠬᠦ ᠪᠠᠶᠢᠳᠠᠯ ᠢ ᠪᠣᠳᠣᠯᠬᠢᠯᠠᠭᠠᠳ᠂ ᠦᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠵᠢᠭᠠᠬᠤ ᠶᠢ | ᠰᠣᠳᠣᠯᠬᠤ ᠰᠠᠯᠠᠭ᠎ᠠ ᠮᠦᠴᠢᠷ ᠬᠢᠭᠡᠳ ᠬᠡᠪᠯᠡᠯ ᠤᠨ ᠨᠢᠭᠡᠴᠢ ᠶᠢ ᠵᠤᠬᠢᠶᠠᠨ ᠪᠠᠶᠢᠭᠤᠯᠤᠨ᠂ ᠵᠢᠭᠠᠨ ᠰᠣᠷᠭᠠᠯᠳᠠ ᠶᠢ | ᠵᠢᠯᠤᠭᠤᠳᠬᠤ ᠰᠠᠨᠠᠭᠤᠯᠭ᠎ᠠ ᠬᠢᠭᠡᠳ ᠦᠨᠡᠯᠡᠬᠦ ᠱᠠᠭᠠᠷᠳᠠᠯᠭ᠎ᠠ ᠲᠣᠭᠲᠠᠭᠠᠵᠣ᠂ ᠦᠨᠳᠦᠰᠦᠲᠡᠨ ᠤ ᠦᠭᠡ ᠬᠡᠯᠡ ᠪᠠᠷ | ᠬᠢᠴᠢᠶᠡᠯᠯᠡᠵᠦ ᠪᠠᠶᠢᠭ᠎ᠠ ᠳᠣᠮᠳᠠᠳᠣ ᠪᠠᠭ᠎ᠠ ᠰᠣᠷᠭᠠᠭᠤᠯᠢ ᠶᠢᠨ ᠰᠣᠷᠭᠠᠨ ᠬᠦᠮᠦᠵᠢᠯ ᠵᠢᠭᠠᠨ ᠰᠤᠷᠭᠠᠯᠳᠠ ᠶᠢ | ᠦᠷᠨᠢᠭᠦᠯᠬᠦ ᠳᠤ ᠬᠡᠷᠡᠭᠴᠡᠭᠡ ᠪᠦᠬᠦᠢ ᠵᠢᠭᠠᠨ ᠰᠣᠷᠭᠠᠯᠳᠠ ᠶᠢ ᠵᠢᠯᠤᠭᠤᠳᠬᠤ ᠮᠠᠲ᠋ᠧᠷᠢᠶᠠᠯ ᠂ ᠰᠦᠯᠵᠢᠶᠡᠨ ᠳᠡᠭᠡᠷᠡᠬᠢ | ᠸᠢᠳᠢᠣ᠋ ᠬᠢᠴᠢᠶᠡᠯ᠂ ᠠᠳᠠᠯᠢ ᠪᠤᠰᠤ ᠶᠢᠨ ᠣᠨ ᠤ ᠬᠡᠰᠡᠭ ᠤᠨ ᠵᠢᠭᠠᠨ ᠰᠣᠷᠭᠠᠬᠤ ᠲᠦᠯᠦᠪᠯᠡᠭᠡ ᠶᠢᠨ ᠲᠦᠰᠦᠯ ᠬᠢᠭᠡᠳ | ᠪᠢᠴᠢᠯ ᠬᠢᠴᠢᠶᠡᠯ ᠤᠨ ᠸᠢᠳᠢᠣ᠋ ᠶᠢ ᠨᠠᠶᠢᠷᠠᠭᠤᠯᠣᠨ ᠵᠣᠬᠢᠶᠠᠵᠠᠢ᠃ ᠣᠳᠣᠬᠠᠨ ᠳᠤ᠂ ᠬᠡᠰᠡᠭ ᠡᠬᠢ ᠪᠠᠶᠠᠯᠢᠭ ᠢ ᠨᠢᠭᠡᠨᠲᠡ | ᠬᠡᠪᠯᠡᠨ ᠲᠠᠷᠬᠠᠭᠠᠭᠰᠠᠨ ᠪᠠ ᠰᠦᠯᠵᠢᠶᠡᠨ ᠳᠤ ᠭᠠᠷᠭᠠᠵᠠᠢ᠂ ᠪᠣᠰᠣᠳ ᠬᠠᠮᠢᠶ᠎ᠠ ᠪᠦᠬᠦᠢ ᠠᠵᠢᠯ ᠢ ᠴᠤ ᠱᠠᠯᠠᠪᠳᠠᠨ ᠬᠢᠵᠦ | ᠪᠠᠶᠢᠨ᠎ᠠ᠃ | 16. ᠠᠰᠠᠭᠤᠯᠲᠠ᠄ ᠦᠨᠳᠦᠰᠦᠲᠡᠨ ᠤ ᠬᠡᠤᠭᠡᠳ ᠤᠨ ᠴᠡᠴᠡᠷᠯᠢᠭ ᠤᠨ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠬᠢᠭᠡᠳ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ︽ | ᠬᠡᠯᠡ ᠪᠢᠴᠢᠭ︾ ᠤᠨ ᠵᠢᠭᠠᠨ ᠰᠤᠷᠭᠠᠯᠲᠠ ᠶᠢ ᠬᠡᠷᠬᠢᠨ ᠪᠦᠲᠦᠮᠵᠢᠲᠠᠢ ᠵᠤᠯᠭᠠᠭᠤᠯᠬᠤ ᠪᠤᠢ︖ | ᠬᠠᠷᠢᠭᠤᠯᠲᠠ᠄ ᠬᠡᠤᠬᠡᠳ ᠤᠨ ᠴᠡᠴᠡᠷᠯᠢᠭ ᠤᠨ ᠬᠤᠤᠰ ᠬᠡᠯᠡᠨ ᠤ ᠰᠤᠷᠭᠠᠨ ᠬᠦᠮᠦᠵᠢᠯ ᠨᠢ ᠬᠤᠤᠰ ᠬᠡᠯᠡᠨ ᠤ | ᠰᠤᠷᠭᠠᠨ ᠬᠦᠮᠦᠵᠢᠯ ᠤᠨ ᠴᠢᠬᠤᠯᠠ ᠪᠦᠷᠢᠯᠳᠦᠭᠦᠨ ᠬᠡᠰᠡᠭ ᠮᠦᠨ᠃ ᠬᠡᠦᠬᠡᠳ ᠤᠨ ᠴᠡᠴᠡᠷᠯᠢᠭ ᠤᠨ ᠬᠤᠤᠰ ᠬᠡᠯᠡᠨ ᠤ | ᠰᠤᠷᠭᠠᠨ ᠬᠦᠮᠦᠵᠢᠯ ᠢ ᠬᠡᠷᠬᠢᠨ ᠬᠡᠷᠡᠭᠵᠢᠭᠦᠯᠬᠦ ᠨᠢ ᠲᠡᠤᠬᠡ ᠪᠤᠯᠤᠨ ᠣᠳᠤᠬᠢ᠂ ᠤᠨᠤᠯ ᠪᠤᠯᠤᠨ ᠦᠢᠯᠡᠳᠦᠯᠭᠡ ᠶᠢᠨ | ᠲᠠᠯ᠎ᠠ ᠪᠠᠷ ᠦᠷᠭᠦᠯᠵᠢᠯᠡᠨ ᠰᠦᠪᠡᠭᠴᠢᠯᠡᠬᠦ ᠰᠡᠳᠦᠪ ᠪᠣᠯᠣᠨ᠎ᠠ᠃ ︽ᠲᠤᠮᠳᠠᠳᠤ ᠤᠯᠤᠰ ᠤᠨ ᠡᠪ ᠬᠠᠮᠳᠤ ᠨᠠᠮ ᠤᠨ | ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠢᠷᠤᠮᠵᠢᠭᠤᠯᠤᠨ ᠬᠦᠭᠵᠢᠭᠦᠯᠬᠦ ᠲᠤᠬᠠᠢ ᠰᠠᠨᠠᠯ ᠤᠳ︾ ᠲᠤ᠂ | ᠬᠡᠦᠬᠡᠳ ᠤᠨ ᠴᠡᠴᠡᠷᠯᠢᠭ ᠨᠢ ᠲᠤᠭᠯᠠᠭᠠᠮ ᠢᠶᠠᠷ ᠦᠨᠳᠦᠰᠦᠨ ᠠᠵᠢᠯᠯᠠᠭ᠎ᠠ ᠪᠤᠯᠭᠠᠬᠤ ᠬᠡᠷᠡᠭᠲᠡᠢ ᠬᠡᠵᠤ | ᠲᠤᠳᠤᠷᠬᠠᠶᠢᠯᠠᠵᠠᠢ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ | ᠬᠦᠮᠦᠵᠢᠯ ᠤᠨ ᠲᠦᠷᠢᠮ︾ ᠳᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠳᠤᠨ ᠳᠤ | ᠬᠡᠤᠬᠡᠳ ᠤᠨ ᠳᠣᠰ ᠦᠨᠳᠦᠰᠦᠳᠡᠨ ᠤ ᠦᠭᠡ ᠬᠡᠯᠡ ᠪᠠᠨ ᠰᠤᠷᠬᠤ ᠪᠠ ᠬᠢᠲᠡᠳ ᠬᠡᠯᠡ ᠶᠢ ᠰᠤᠷᠬᠤ ᠤᠷᠮ᠎ᠠ | ᠪᠠᠬ᠎ᠠ ᠶᠢ ᠨᠢ ᠬᠦᠮᠦᠵᠢᠭᠦᠯᠪᠡᠯ ᠵᠣᠬᠢᠨ᠎ᠠ ᠬᠡᠵᠤ ᠲᠤᠭᠳᠠᠭᠠᠪᠠ᠃ ᠦᠢᠯᠡᠳᠦᠯᠭᠡ ᠲᠤᠮᠲᠠ᠂ ᠬᠡᠦᠬᠡᠳ ᠤᠨ | ᠴᠡᠴᠡᠷᠯᠢᠭ ᠤᠨ ᠦᠭᠡ ᠬᠡᠯᠡᠨ ᠤ ᠰᠤᠷᠤᠯᠴᠠᠯᠭ᠎ᠠ ᠪᠠ ᠬᠡᠷ ᠵᠠᠭᠤᠷ᠎ᠠ ᠶᠢᠨ ᠦᠭᠡ ᠬᠡᠯᠡᠨ ᠤ ᠬᠡᠷᠡᠭᠯᠡᠭᠡ ᠶᠢᠨ | ᠲᠡᠩᠴᠡᠭᠦᠷᠢ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ ᠬᠡᠤᠬᠡᠳ ᠤᠨ ᠳᠣᠰ ᠦᠨᠳᠦᠰᠦᠳᠡᠨ ᠤ | ᠦᠭᠡ ᠬᠡᠯᠡ ᠪᠠᠨ ᠰᠠᠶᠢᠳᠣᠷ ᠰᠤᠷᠬᠤ ᠶᠢ ᠭᠦᠢᠴᠡᠳ ᠪᠠᠳᠤᠯᠠᠭᠰᠠᠨ ᠰᠠᠭᠤᠷᠢᠨ ᠳᠡᠭᠡᠷ᠎ᠡ᠂ ᠦᠨᠳᠦᠰᠦᠳᠡᠨ ᠤ ᠦᠭᠡ | ᠬᠡᠯᠡ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠤᠷᠬᠤ ᠳᠤ ᠦᠵᠡᠭᠦᠯᠬᠦ ᠢᠳᠡᠪᠬᠢᠳᠠᠢ ᠨᠥᠯᠦᠭᠡ ᠶᠢ | ᠠᠰᠢᠬᠯᠠᠵᠤ᠂ ᠬᠡᠤᠬᠡᠳ ᠤᠨ ᠬᠡᠯᠡᠨ ᠤ ᠬᠦᠭᠵᠢᠯᠲᠡ ᠶᠢᠨ ᠪᠠᠶᠢᠳᠠᠯ ᠢ ᠦᠨᠳᠦᠰᠦᠯᠡᠨ ᠪᠠᠶᠢᠳᠠᠯ ᠳᠤᠨᠢ ᠳᠣᠬᠢᠷᠠᠭᠤᠯᠣᠨ | ᠲᠣᠭᠯᠠᠭᠠᠮ ᠢᠶᠠᠷ ᠭᠤᠤᠯᠯᠠᠭᠰᠠᠨ ᠰᠤᠷᠭᠠᠨ ᠬᠦᠮᠦᠵᠢᠯ ᠤᠨ ᠠᠵᠢᠯᠯᠠᠭ᠎ᠠ ᠦᠷᠨᠢᠭᠦᠯᠬᠦ ᠬᠡᠷᠡᠭᠲᠡᠢ᠃ ᠭᠤᠤᠯᠳᠠᠭᠤ | ᠨᠡᠶᠢᠯᠡᠮᠡᠯ ᠰᠢᠨᠵᠢ ᠲᠠᠢ ᠠᠵᠢᠯᠯᠠᠭ᠎ᠠ ᠦᠷᠨᠢᠭᠦᠯᠬᠦ ᠪᠠᠷ ᠲᠠᠮᠵᠢᠭᠤᠯᠣᠨ᠂ ᠬᠠᠮᠤᠭ ᠤᠨ ᠦᠨᠡᠨ ᠪᠤᠳᠠᠳᠠᠢ ᠦᠭᠡ ᠬᠡᠯᠡᠨ ᠤ | ᠤᠷᠴᠢᠨ ᠲᠤᠭᠤᠷᠢᠨ ᠢ ᠴᠣᠭᠴᠠᠯᠠᠬᠤ ᠬᠡᠷᠡᠭᠳᠡᠢ᠃ ᠵᠢᠱᠢᠶᠡᠯᠡᠪᠡᠯ ᠬᠡᠦᠬᠡᠳ ᠤᠨ ᠴᠡᠴᠡᠷᠯᠢᠭ ᠤᠨ ᠤᠷᠤᠨ ᠵᠠᠢ ᠶᠢᠨ | ᠪᠠᠶᠢᠷᠢᠯᠠᠭᠤᠯᠣᠯᠳᠠ᠂ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠶᠤᠯ ᠪᠠ ᠠᠮᠢᠳᠤᠷᠠᠯ ᠢᠶᠠᠷ | ᠰᠡᠳᠦᠪᠯᠡᠭᠰᠡᠨ ᠵᠢᠷᠤᠭ᠂ ᠸᠢᠳᠢᠣ᠋ ᠵᠡᠷᠭᠡ ᠶᠢᠨ ᠦᠵᠡᠭᠦᠯᠬᠡ ᠶᠢᠨ ᠠᠵᠢᠯᠯᠠᠭ᠎ᠠ ᠪᠠ ᠬᠡᠤᠬᠡᠳ ᠢ ᠵᠣᠬᠢᠶᠠᠨ ᠪᠠᠶᠢᠭᠤᠯᠤᠨ | ᠡᠭᠡ ᠪᠠᠶᠢᠭᠠᠯᠢ ᠲᠠᠢ ᠡᠭᠡᠨᠡᠭᠰᠢᠨ ᠲᠠᠰᠤᠯᠴᠠᠬᠤ᠂ ᠰᠢᠭᠤᠳ ᠲᠠᠨᠢᠵᠤ ᠮᠡᠳᠡᠬᠦ᠂ ᠪᠤᠳᠠᠳᠠᠢ ᠤᠷᠤᠯᠴᠠᠬᠤ᠂ ᠪᠡᠶᠡᠴᠢᠯᠡᠨ | ᠦᠢᠯᠡᠳᠦᠯᠬᠡᠵᠢᠭᠦᠯᠬᠦ ᠵᠡᠷᠭᠡ ᠠᠵᠢᠯᠯᠠᠭ᠎ᠠ ᠦᠷᠨᠢᠭᠦᠯᠵᠦ ᠪᠤᠯᠤᠨ᠎ᠠ᠃ ᠶᠡᠷᠦᠩᠬᠡᠶᠢᠯᠡᠪᠡᠯ᠂ ᠤᠷᠴᠢᠨ ᠲᠤᠭᠤᠷᠢᠨ᠂ | ᠠᠵᠢᠯᠯᠠᠭ᠎ᠠ᠂ ᠨᠠᠭᠠᠳᠤᠮ ᠲᠤᠭᠯᠠᠭᠠᠮ ᠵᠡᠷᠭᠡ ᠠᠷᠭ᠎ᠠ ᠵᠠᠮ ᠢᠶᠠᠷ ᠳᠠᠮᠵᠢᠭᠤᠯᠣᠨ᠂ ᠬᠡᠤᠬᠡᠳ ᠢ ᠪᠠᠶᠠᠷ | ᠪᠠᠶᠠᠰᠬᠤᠯᠠᠩ ᠲᠠᠢ᠂ ᠡᠷᠡᠭᠦᠯ ᠢᠶᠠᠷ ᠦᠰᠴᠦ ᠪᠤᠶᠢᠵᠢᠬᠤ ᠶᠠᠪᠤᠴᠠ ᠳᠤ ᠬᠡᠯᠡᠨ ᠤ ᠴᠢᠳᠠᠪᠤᠷᠢ᠂ ᠬᠡᠯᠡᠨ ᠤ ᠣᠬᠠᠮᠰᠠᠷ | ᠪᠠ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠶᠢ ᠰᠣᠷᠣᠯᠴᠠᠬᠤ ᠤᠷᠮ᠎ᠠ ᠪᠠᠬ᠎ᠠ ᠶᠢ ᠬᠦᠮᠦᠵᠢᠭᠦᠯᠬᠦ ᠬᠡᠷᠡᠭᠲᠡᠢ᠃ | 17. ᠠᠰᠠᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠤᠭᠡᠷ ᠤᠨ ᠳᠤ ︽ᠭᠡᠯᠡ ᠪᠢᠴᠢᠭ︾ ᠪᠤᠯᠤᠨ ︽ | ᠮᠤᠩᠭᠤᠯ ᠭᠡᠯᠡ ᠪᠢᠴᠢᠭ︾ ᠤᠨ ᠬᠢᠴᠢᠶᠡᠯ ᠢ ᠵᠡᠷᠭᠡᠪᠡᠷ ᠨᠡᠭᠡᠭᠡᠵᠤ᠂ ᠬᠤᠶᠠᠷ ᠵᠦᠢᠯ ᠤᠨ ᠦᠭᠡ ᠭᠡᠯᠡ ᠦᠰᠤᠭ᠌ | ᠪᠢᠴᠢᠭ ᠢᠶᠠᠷ ᠭᠢᠴᠢᠶᠡᠯᠯᠡᠬᠦ ᠨᠢ᠂ ᠴᠦᠭᠡᠨ ᠳᠤᠭᠠᠳᠤ ᠦᠨᠳᠤᠰᠤᠳᠠᠨ ᠤ ᠦᠭᠡ ᠭᠡᠯᠡ ᠦᠰᠤᠭ᠌ ᠪᠢᠴᠢᠭ ᠤᠨ ︽ | ᠰᠡᠳᠭᠢᠬᠦᠢ ᠶᠢᠨ ᠦᠭᠡ ᠬᠡᠯᠡ︾ ᠳᠤ ᠨᠦᠯᠤᠭᠡ ᠤᠴᠠᠷᠠᠭᠤᠯᠬᠤ ᠤᠤ︖ | ᠬᠠᠷᠢᠭᠤᠯᠳᠠ᠄ ︽ᠰᠡᠳᠭᠢᠬᠦᠢ ᠶᠢᠨ ᠦᠭᠡ ᠬᠡᠯᠡ︾ ᠪᠤᠯ ᠡᠷᠳᠡᠮ ᠰᠢᠨᠵᠢᠯᠡᠭᠡᠨ ᠤ ᠬᠦᠷᠢᠶᠡᠨ ᠳᠠᠬᠢ | ᠠᠰᠠᠭᠤᠳᠠᠯ ᠪᠤᠯᠤᠨ᠎ᠠ᠃ ᠪᠠᠭ᠎ᠠ ᠰᠤᠷᠭᠠᠭᠤᠯᠢ ᠶᠢᠨ ᠳᠤᠤᠷ᠎ᠠ ᠤᠨ ᠳᠤ ᠬᠠᠮᠳᠣ ᠳᠤᠨᠢ ᠬᠤᠶᠠᠷ ᠵᠦᠢᠯ ᠤᠨ ᠦᠭᠡ | ᠭᠡᠯᠡ ᠦᠰᠤᠭ᠌ ᠪᠢᠴᠢᠭ ᠤᠨ ᠭᠢᠴᠢᠶᠠᠯ ᠨᠡᠭᠡᠭᠡᠬᠦ ᠨᠢ᠂ ᠡᠨᠡᠬᠦ ᠤᠨᠴᠠᠭᠠᠢ ᠨᠠᠰᠤᠨ ᠤ ᠱᠠᠳᠤ ᠦᠶ᠎ᠠ ᠶᠢᠨ ᠭᠡᠤᠭᠡᠳ ᠤᠨ | ᠦᠭᠡ ᠭᠡᠯᠡ ᠰᠤᠷᠤᠯᠴᠠᠬᠤ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠦᠷ᠎ᠠ ᠪᠦᠳᠤᠮᠵᠢ ᠨᠢ ᠮᠠᠰᠢ ᠢᠯᠠᠷᠬᠡᠢ | ᠪᠠᠶᠢᠭ᠎ᠠ ᠶᠢ ᠮᠠᠨ ᠤ ᠤᠷᠤᠨ ᠤ ᠤᠯᠠᠨ ᠵᠢᠯ ᠤᠨ ᠳᠤᠷᠰᠢ ᠪᠠᠷᠢᠮᠳᠠᠯᠠᠨ ᠬᠡᠷᠡᠭᠵᠢᠭᠦᠯᠦᠭᠰᠡᠨ ᠬᠤᠤᠰ ᠭᠡᠯᠡᠨ ᠤ ᠵᠢᠭᠠᠨ | ᠰᠤᠷᠭᠠᠯᠳᠠ ᠶᠢᠨ ᠦᠢᠯᠡᠳᠤᠯᠭᠡ ᠭᠡᠷᠡᠴᠢᠯᠡᠵᠦ ᠪᠠᠶᠢᠨ᠎ᠠ᠃ ᠳᠤᠰ ᠦᠨᠳᠤᠰᠤᠳᠡᠨ ᠤ ᠦᠭᠡ ᠭᠡᠯᠡ ᠦᠰᠤᠭ᠌ | ᠪᠢᠴᠢᠭ ᠲᠤ ᠨᠦᠯᠤᠭᠡ ᠤᠴᠠᠷᠠᠭᠤᠯᠤᠭᠰᠠᠨ ᠦᠭᠡᠢ ᠮᠦᠷᠳᠡᠭᠡᠨ ᠰᠤᠷᠤᠭᠴᠢ ᠶᠢᠨ ᠬᠤᠪᠢ ᠬᠦᠮᠤᠨ ᠤ ᠦᠰᠤᠨ | ᠪᠦᠢᠵᠢᠯᠳᠠ᠂ ᠦᠨᠳᠤᠰᠤᠳᠡᠨ ᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠪᠠ ᠤᠯᠤᠰ ᠤᠨ ᠳᠣᠬᠠᠢ ᠮᠡᠳᠡᠷᠡᠭᠦᠢ ᠳᠤ | ᠨᠠᠵᠠᠭᠠᠢ ᠨᠦᠯᠤᠭᠡ ᠠᠪᠴᠢᠷᠠᠭᠰᠠᠨ ᠦᠭᠡᠢ᠃ | 18. ᠠᠰᠠᠭᠤᠯᠳᠠ᠄ ᠰᠤᠷᠤᠭᠴᠢᠳ ᠤᠨᠴᠠᠭᠠᠶᠢᠯᠠᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠤᠯᠤᠰ ᠤᠨ | ᠨᠡᠶᠢᠳᠡᠮ ᠭᠡᠷᠡᠭᠯᠡᠬᠦ ᠦᠭᠡ ᠭᠡᠯᠡ ᠦᠰᠤᠭ᠌ ᠪᠢᠴᠢᠭ᠂ ᠴᠦᠭᠡᠨ ᠳᠤᠭᠠᠳᠤ ᠦᠨᠳᠤᠰᠤᠳᠡᠨ ᠤ ᠦᠭᠡ ᠭᠡᠯᠡ ᠦᠰᠤᠭ᠌ | ᠪᠢᠴᠢᠭ᠂ ᠠᠩᠭ᠍ᠯᠢ ᠭᠡᠯᠡ ᠵᠡᠷᠭᠡ ᠭᠤᠷᠪᠠᠨ ᠵᠦᠢᠯ ᠤᠨ ᠦᠭᠡ ᠭᠡᠯᠡ ᠦᠰᠤᠭ᠌ ᠪᠢᠴᠢᠭ ᠢ ᠰᠤᠷᠤᠯᠴᠠᠬᠤ ᠠᠰᠠᠭᠤᠳᠠᠯ | ᠳᠣᠯᠭᠠᠷᠠᠵᠣ ᠪᠠᠶᠢᠨ᠎ᠠ᠂ ᠡᠭᠦᠨ ᠳᠤ ᠤᠯᠤᠰ ᠤᠨ ᠨᠠᠶᠢᠳᠠᠮ ᠭᠡᠷᠡᠭᠯᠡᠬᠦ ᠦᠭᠡ ᠭᠡᠯᠡ ᠦᠰᠤᠭ᠌ ᠪᠢᠴᠢᠭ ᠪᠤᠯᠤᠨ ᠠᠩᠭ᠍ᠯᠢ | ᠭᠡᠯᠡ ᠵᠡᠷᠭᠡ ᠬᠤᠶᠠᠷ ᠵᠦᠢᠯ ᠤᠨ ᠦᠭᠡ ᠭᠡᠯᠡ ᠦᠰᠤᠭ᠌ ᠪᠢᠴᠢᠭ ᠢ ᠡᠬᠢᠨ ᠠᠴᠠ ᠨᠢ ᠰᠤᠷᠤᠯᠴᠠᠬᠤ ᠪᠣᠯᠣᠨ᠎ᠠ᠂ | ᠡᠨᠡ ᠨᠢ ᠰᠤᠷᠤᠭᠴᠢ ᠶᠢᠨ ᠳᠠᠷᠤᠭᠠᠰᠤ ᠶᠢ ᠬᠦᠨᠳᠤᠷᠠᠬᠦᠯᠬᠦ ᠦᠭᠡᠢ ᠤᠤ︖ | ᠬᠠᠷᠢᠭᠤᠯᠳᠠ᠄ ᠦᠨᠳᠤᠰᠤᠳᠡᠨ ᠤ ᠰᠣᠷᠭᠠᠭᠤᠯᠢ ᠶᠢᠨ ᠪᠠᠭ᠎ᠠ ᠰᠤᠷᠭᠠᠭᠤᠯᠢ ᠶᠢᠨ ᠱᠠᠳᠤᠨ ᠳᠤ ᠮᠤᠩᠭᠤᠯ᠂ | ᠭᠢᠳᠡᠳ᠂ ᠠᠩᠭ᠍ᠯᠢ ᠭᠤᠷᠪᠠᠨ ᠵᠦᠢᠯ ᠤᠨ ᠦᠭᠡ ᠭᠡᠯᠡ ᠶᠢ ᠰᠤᠷᠤᠯᠴᠠᠬᠤ ᠶᠢ ᠨᠢᠭᠡᠨᠳᠠ ᠤᠯᠠᠨ ᠵᠢᠯ ᠪᠠᠷᠢᠮᠳᠠᠯᠠᠵᠣ ᠪᠣᠢ᠃ | ᠡᠨᠡ ᠵᠢᠯ ᠤᠨ ᠠᠳᠠᠯᠢ ᠦᠭᠡᠢ ᠵᠦᠢᠯ ᠨᠢ ᠤᠤᠯ ᠤᠨ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠠᠴᠠ | ᠰᠤᠷᠤᠯᠴᠠᠵᠤ ᠪᠠᠶᠢᠭᠰᠠᠨ ︽ᠭᠢᠳᠡᠳ ᠭᠡᠯᠡ︾ ᠶᠢᠨ ᠭᠢᠴᠢᠶᠠᠯ ᠢ ᠬᠤᠪᠢᠷᠠᠭᠤᠯᠣᠭᠠᠳ ᠨᠢᠭᠡᠳᠤᠭᠡᠷ ᠤᠨ ᠠᠴᠠ | ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ︽ᠭᠡᠯᠡ ᠪᠢᠴᠢᠭ︾ ᠤᠨ ᠭᠢᠴᠢᠶᠠᠯ ᠢ ᠨᠡᠭᠡᠭᠡᠬᠦ ᠪᠤᠯᠤᠭᠰᠠᠨ ᠶᠤᠮ᠃ | ᠪᠠᠭ᠎ᠠ ᠰᠤᠷᠭᠠᠭᠤᠯᠢ ᠶᠢᠨ ᠱᠠᠳᠤ ᠪᠤᠯ ᠭᠡᠤᠭᠡᠳ ᠪᠠᠭᠠᠴᠤᠳ ᠤᠨ ᠦᠭᠡ ᠭᠡᠯᠡ ᠰᠤᠷᠤᠯᠴᠠᠬᠤ ᠳᠠᠪᠠᠭᠤᠯᠢᠭ ᠱᠠᠳᠤ | ᠦᠶ᠎ᠠ ᠪᠣᠯᠣᠨ᠎ᠠ᠂ ᠡᠨᠡᠬᠦ ᠱᠠᠳᠤ ᠦᠶ᠎ᠠ ᠳᠤ ᠮᠤᠩᠭᠤᠯ ᠭᠡᠯᠡ ᠶᠢ ᠰᠤᠷᠤᠯᠴᠠᠬᠤ ᠳᠤᠮᠳᠠ ᠤᠯᠤᠭᠰᠠᠨ ᠳᠤᠷ᠎ᠠ | ᠰᠤᠨᠢᠷᠬᠠᠯ᠂ ᠤᠪᠤᠷ ᠪᠤᠯᠤᠨ ᠴᠢᠳᠠᠪᠤᠷᠢ ᠪᠠᠨ ᠠᠰᠢᠬᠯᠠᠨ ᠤᠯᠤᠰ ᠤᠨ ᠨᠠᠶᠢᠳᠠᠮ ᠭᠡᠷᠡᠭᠯᠡᠬᠦ ᠦᠭᠡ ᠭᠡᠯᠡ ᠦᠰᠤᠭ᠌ | ᠪᠢᠴᠢᠭ ᠪᠤᠯᠤᠨ ᠭᠠᠳᠠᠭᠠᠳᠤ ᠭᠡᠯᠡ ᠶᠢ ᠰᠤᠷᠤᠯᠴᠠᠬᠤ ᠨᠢ ᠰᠤᠷᠤᠭᠴᠢ ᠶᠢᠨ ᠳᠠᠨᠢᠨ ᠮᠡᠳᠡᠬᠦᠢ ᠪᠠ ᠦᠭᠡ ᠭᠡᠯᠡᠨ ᠤ | ᠤᠬᠠᠮᠰᠠᠷ ᠤᠨ ᠬᠦᠭᠵᠢᠯᠳᠡ ᠳᠤ ᠢᠳᠡᠪᠭᠢᠳᠠᠢ ᠨᠦᠯᠤᠭᠡ ᠠᠪᠴᠢᠷᠠᠬᠤ ᠶᠢ ᠪᠤᠳᠠᠳᠤ ᠶᠠᠪᠣᠳᠠᠯ ᠭᠡᠷᠡᠴᠢᠯᠡᠵᠤ ᠪᠠᠶᠢᠨ᠎ᠠ᠃ | ᠡᠶᠢᠮᠤ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠶᠢ ᠰᠠᠶᠢᠳᠤᠷ ᠰᠤᠷᠤᠯᠴᠠᠪᠠᠯ ᠪᠦᠬᠦ ᠤᠯᠤᠰ ᠲᠤ | ᠬᠠᠨᠳᠤᠵᠣ᠂ ᠭᠠᠳᠠᠭᠠᠳᠤ ᠭᠡᠯᠡ ᠶᠢ ᠰᠠᠶᠢᠳᠤᠷ ᠰᠤᠷᠤᠯᠴᠠᠪᠠᠯ ᠳᠡᠯᠡᠭᠡᠢ ᠳᠤ ᠬᠠᠨᠳᠤᠵᠣ ᠪᠣᠯᠬᠤ ᠨᠢ ᠨᠢᠭᠡᠨᠳᠡ ᠨᠡᠶᠢᠭᠡᠮ | ᠨᠡᠶᠢᠳᠡ ᠶᠢᠨ ᠦᠷᠭᠡᠨ ᠳᠡᠯᠭᠡᠷ ᠬᠠᠮᠳᠤ ᠶᠢᠨ ᠳᠠᠨᠢᠯᠳᠠ ᠪᠣᠯᠪᠠ᠃ | 19. ᠠᠰᠠᠭᠤᠯᠲᠠ᠄ ᠴᠦᠬᠡᠨ ᠲᠤᠭᠠᠲᠦ ᠦᠨᠳᠤᠰᠤᠲᠡᠨ ᠤ ᠰᠤᠷᠤᠭᠴᠢᠳ ᠤᠨ ︽ᠬᠡᠯᠡ ᠪᠢᠴᠢᠭ︾ ᠤᠨ | ᠰᠢᠯᠭᠠᠯᠲᠠ ᠶᠢᠨ ᠰᠡᠳᠦᠪ ᠨᠢ ᠬᠦᠬᠡ ᠪᠠ ᠬᠦᠬᠡᠭᠴᠢᠨ ᠤ ᠠᠯᠢ ᠳᠤᠨᠢ ᠬᠠᠷᠢᠶᠠᠯᠠᠭᠳᠠᠬᠤ ᠪᠣᠢ︖ ᠬᠤᠵᠢᠮ ᠬᠦᠬᠡ | ᠪᠤᠶᠤ ᠬᠦᠬᠡᠭᠴᠢᠨ ᠰᠢᠯᠭᠠᠯᠲᠠ ᠶᠢᠨ ᠰᠡᠳᠦᠪ ᠢ ᠬᠦᠴᠦᠨ ᠦᠭᠡᠢ ᠪᠤᠯᠭᠠᠬᠤ ᠤᠤ︖ | ᠬᠠᠷᠢᠭᠤᠯᠲᠠ᠄ ᠤᠳᠤ ᠶᠢᠨ ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠤᠯᠭ᠎ᠠ ᠶᠢᠨ ᠶᠤᠰᠤᠭᠠᠷ ᠪᠤᠯ᠂ | ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠤᠭᠴᠢᠳ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ | ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ ︽ᠮᠤᠩᠭᠤᠯ ᠬᠡᠯᠡ ᠪᠢᠴᠢᠭ︾ ᠤᠨ ᠬᠦᠬᠡ | ᠰᠡᠳᠦᠪ ᠢ ᠬᠡᠷᠡᠭᠯᠡᠵᠦ᠂ ᠮᠤᠩᠭᠤᠯ ᠬᠡᠯᠡ ᠨᠡᠮᠡᠵᠦ ᠰᠤᠷᠴᠦ ᠪᠠᠶᠢᠭ᠎ᠠ ᠰᠤᠷᠤᠭᠴᠢᠳ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ ︽ᠮᠤᠩᠭᠤᠯ ᠬᠡᠯᠡ | ᠪᠢᠴᠢᠭ︾ ᠤᠨ ᠬᠦᠬᠡᠭᠴᠢᠨ ᠰᠡᠳᠦᠪ ᠢ ᠬᠡᠷᠡᠭᠯᠡᠵᠦ ᠪᠣᠢ᠂ ᠬᠤᠵᠢᠮ ︽ᠶᠠᠭᠤ ᠶᠢ ᠰᠤᠷᠤᠭᠰᠠᠨ ᠪᠤᠯ ᠶᠠᠭᠤ ᠶᠢ | ᠰᠢᠯᠭᠠᠬᠤ︾ ᠲᠦᠷᠦ ᠶᠢᠨ ᠪᠤᠳᠤᠯᠭ᠎ᠠ ᠬᠤᠪᠢᠷᠠᠬᠤ ᠦᠭᠡᠢ᠃ | 20. ᠠᠰᠠᠭᠤᠯᠲᠠ᠄ ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢᠶᠠᠷ ᠰᠤᠷᠤᠯᠴᠠᠵᠤ᠂ ᠰᠡᠳᠦᠪ ᠬᠠᠷᠢᠭᠤᠯᠪᠠᠯ᠂ ᠰᠢᠯᠭᠠᠬᠤ ᠪᠤᠶᠤ ᠰᠤᠷᠭᠠᠭᠤᠯᠢ | ᠲᠠᠪᠰᠢᠬᠤ ᠦᠶ᠎ᠡ ᠳᠤ ︽ᠬᠤᠨᠵᠢᠭᠳᠠᠨᠠ︾ ᠭᠡᠵᠦ ᠵᠠᠷᠢᠮ ᠬᠦᠮᠦᠨ ᠦᠵᠡᠵᠦ ᠪᠤᠢ᠂ ᠦᠨᠡᠭᠡᠷ ᠡᠶᠢᠮᠦ ᠤᠤ︖ | ᠬᠠᠷᠢᠭᠤᠯᠲᠠ᠄ ᠤᠳᠤᠬᠠᠨ ᠳᠤ ᠤᠯᠤᠰ ᠠᠴᠠ ᠶᠠᠭ ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠳᠤ ᠦᠭᠡᠷᠡᠴᠢᠯᠡᠯᠲᠡ ᠬᠢᠵᠦ ᠪᠠᠶᠢᠨ᠎ᠠ᠂ ᠲᠠᠬᠢᠭᠠᠳ ᠪᠠᠶᠢᠭᠠᠯᠢ ᠶᠢᠨ | ᠰᠢᠨᠵᠢᠯᠡᠬᠦ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂ ᠶᠡᠭᠡ ᠲᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠳᠤ ᠶᠡᠷᠦ ᠳᠡᠭᠡᠨ ︽3+3︾ | ᠶᠢᠨ ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠬᠡᠯᠡ ᠪᠢᠴᠢᠭ ︵ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ | ᠪᠠ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂ ᠭᠠᠳᠠᠭᠠᠳᠤ ᠬᠡᠯᠡ ᠶᠢ ᠡᠷᠬᠡᠪᠰᠢ ᠰᠢᠯᠭᠠᠬᠤ ᠬᠢᠴᠢᠶᠡᠯ | ᠲᠦᠷᠦᠯ ᠪᠤᠯᠭᠠᠨ᠎ᠠ᠂ ᠪᠤᠰᠤᠳ 3 ᠲᠦᠷᠦᠯ ᠤᠨ ᠬᠢᠴᠢᠶᠡᠯ ᠢ ᠰᠤᠷᠤᠭᠴᠢᠳ ᠰᠢᠯᠭᠠᠬᠤ ᠪᠠᠷ ᠮᠡᠳᠡᠭᠦᠯᠬᠦ ᠶᠡᠭᠡ ᠲᠡᠭᠡᠳᠦ | ᠰᠤᠷᠭᠠᠭᠤᠯᠢ ᠶᠢᠨ ᠢᠶᠠᠨ ᠱᠠᠭᠠᠷᠳᠠᠯᠭ᠎ᠠ ᠪᠠ ᠦᠪᠡᠷ ᠤᠨ ᠳᠠᠪᠠᠭᠤᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ | ᠤᠯᠤᠰ ᠲᠦᠷᠦ᠂ ᠲᠡᠤᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠠᠴᠠ 3 | ᠬᠢᠴᠢᠶᠡᠯ ᠲᠦᠷᠦᠯ ᠢ ᠪᠡᠶ᠎ᠡ ᠪᠠᠨ ᠲᠠᠭᠠᠭᠠᠨ ᠰᠤᠩᠭᠤᠵᠦ᠂ ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ | ᠣᠯᠣᠰ ᠤᠨ ᠨᠢᠭᠡᠳᠦᠯᠳᠡᠢ ᠰᠢᠯᠭᠠᠯᠲᠠ ᠶᠢᠨ ᠬᠢᠷᠢ ᠪᠦᠲᠦᠮᠵᠢ ᠳᠤᠨᠢ ᠪᠤᠳᠤᠵᠦ ᠤᠷᠤᠭᠤᠯᠤᠨ᠎ᠠ᠂ ᠡᠭᠦᠨ ᠳᠤ᠂ ᠦᠵᠡᠯ | ᠰᠠᠨᠠᠭ᠎ᠠ ᠤᠯᠤᠰ ᠲᠦᠷᠦ᠂ ᠲᠡᠤᠬᠡ ᠶᠢ ᠪᠤᠯ ︽ᠶᠠᠭᠤ ᠶᠢ ᠰᠤᠷᠤᠭᠰᠠᠨ ᠪᠤᠯ ᠶᠠᠭᠤ ᠪᠠᠨ ᠰᠢᠯᠭᠠᠬᠤ︾ ᠵᠠᠷᠴᠢᠮ | ᠶᠤᠰᠤᠭᠠᠷ᠂ ᠬᠢᠲᠠᠳ ᠢᠶᠠᠷ ᠬᠢᠴᠢᠶᠡᠯᠯᠡᠭᠰᠡᠨ ᠰᠤᠷᠤᠭᠴᠢᠳ ᠤᠨ ᠨᠢᠭᠡᠲᠦᠯᠲᠠᠢ ᠰᠢᠯᠭᠠᠯᠲᠠ ᠶᠢᠨ ᠰᠡᠳᠦᠪ ᠢ ᠬᠡᠷᠡᠭᠯᠡᠨ᠎ᠡ᠃ | ᠤᠳᠤ ᠶᠢᠨ ᠬᠡᠷᠡᠭᠵᠢᠭᠦᠯᠵᠦ ᠪᠠᠶᠢᠭ᠎ᠠ ᠬᠤᠯᠪᠤᠭᠳᠠᠯ ᠪᠦᠬᠦᠢ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠶᠤᠰᠤᠭᠠᠷ᠂ | ᠦᠨᠳᠦᠰᠦᠲᠡᠨ ᠤ ᠰᠤᠷᠭᠠᠭᠤᠯᠢ ᠶᠢᠨ ᠰᠢᠯᠭᠠᠭᠤᠯᠤᠭᠰᠠᠳ ᠰᠣᠷᠭᠠᠭᠤᠯᠢ ᠳᠠᠪᠰᠢᠬᠤ ᠰᠢᠯᠭᠠᠯᠳᠠ ᠳᠤ ᠣᠷᠣᠯᠴᠠᠪᠠᠯ | ᠮᠦᠨ ᠯᠡ ᠠᠰ ᠲᠤᠨᠢ ᠬᠤᠪᠢ ᠶᠢᠨ ᠱᠤᠭᠤᠮ ᠲᠤᠭᠲᠠᠭᠠᠵᠦ᠂ ᠠᠰ ᠢᠶᠠᠷ ᠨᠢ ᠡᠯᠰᠡᠨ᠎ᠡ᠂ ᠴᠦᠬᠡᠨ ᠲᠤᠭᠠᠲᠦ | ᠦᠨᠳᠦᠰᠦᠲᠡᠨ ᠤ ᠪᠤᠰᠤ ᠦᠭᠡ ᠬᠡᠯᠡ ᠪᠠᠷ ᠬᠢᠴᠢᠶᠡᠯᠯᠡᠭᠰᠡᠨ ᠰᠤᠷᠤᠭᠴᠢᠳ ᠲᠠᠢ ᠦᠷᠢᠰᠦᠯᠳᠦᠭᠦᠯᠬᠦ ᠦᠭᠡᠢ | ᠮᠦᠷᠲᠡᠭᠡᠨ ᠰᠤᠷᠤᠭᠴᠢ ᠡᠯᠰᠡᠬᠦ ᠬᠠᠷᠢᠴᠠᠯ ᠤᠨ ᠲᠤᠭᠲᠠᠭᠤᠨ ᠢ ᠪᠠᠲᠤᠯᠠᠵᠣ᠂ ᠰᠢᠯᠭᠠᠭᠤᠯᠤᠭᠰᠠᠳ ᠤᠨ ᠶᠡᠭᠡ ᠲᠡᠭᠡᠳᠦ | ᠰᠤᠷᠭᠠᠭᠤᠯᠢ ᠳᠤ ᠲᠠᠪᠰᠢᠬᠤ ᠬᠠᠷᠢᠴᠠᠯ ᠢ ᠨᠦᠯᠦᠭᠡᠯᠡᠬᠦ ᠦᠭᠡᠢ᠂ ᠬᠠᠮᠲᠤ ᠳᠤᠨᠢ ᠤᠯᠤᠰ ᠤᠨ ᠲᠦᠷᠦ ᠶᠢᠨ | ᠪᠣᠳᠣᠯᠭ᠎ᠠ ᠶᠢᠨ ᠲᠡᠮᠵᠢᠯᠭᠡ ᠪᠠᠷ ᠲᠠᠮᠵᠢᠭᠤᠯᠵᠦ᠂ ᠰᠤᠷᠤᠭᠴᠢ ᠡᠯᠰᠡᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠤᠷᠤᠭᠴᠢᠳ ᠤᠨ ᠰᠤᠷᠭᠠᠭᠤᠯᠢ ᠳᠤ ᠲᠠᠪᠰᠢᠨ ᠠᠵᠢᠯ ᠤᠯᠬᠤ | ᠰᠤᠩᠭᠤᠯᠲᠠ ᠶᠢᠨ ᠤᠷᠤᠨ ᠵᠠᠢ ᠶᠢ ᠨᠡᠩ ᠢᠯᠡᠭᠦᠦ ᠦᠷᠭᠡᠳᠭᠡᠬᠦ ᠪᠣᠯᠣᠨ᠎ᠡ᠃ | 21. ᠠᠰᠠᠭᠤᠯᠲᠠ᠄ ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠲᠤ ᠶᠠᠮᠠᠷ | ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠪᠠᠶᠢᠬᠤ ᠪᠤᠢ︖ ᠲᠡᠳᠡᠨᠡᠷ ᠠᠯᠢ ᠠᠯᠢ ᠲᠠᠯ᠎ᠠ ᠪᠠᠷ ᠪᠤᠳᠠᠳᠠᠢ ᠠᠰᠢᠭ | ᠬᠦᠷᠲᠡᠬᠦ ᠪᠤᠢ︖ | ᠬᠠᠷᠢᠭᠤᠯᠲᠠ᠄ ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠤᠯᠤᠰ ᠪᠠ ᠦᠪᠡᠷᠲᠡᠭᠡᠨ ᠵᠠᠰᠠᠬᠤ ᠤᠷᠤᠨ ᠠᠴᠠ ᠴᠦᠬᠡᠨ ᠲᠤᠭᠠᠲᠦ | ᠦᠨᠳᠦᠰᠦᠲᠡᠨ ᠤ ᠤᠯᠠᠨ ᠲᠦᠮᠡᠨ ᠤ ᠠᠬᠤᠢᠢᠴᠢ ᠬᠠᠯᠠᠮᠵᠢᠯᠠᠯ ᠢ ᠨᠡᠩ ᠢᠯᠡᠭᠦᠦ ᠬᠦᠨᠳᠦᠳᠭᠡᠨ ᠦᠵᠡᠵᠦ᠂ | ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ᠂ ᠤᠳᠤ ᠶᠢᠨ ᠪᠠᠶᠢᠭ᠎ᠠ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠪᠠᠨ ᠬᠤᠪᠢᠷᠠᠭᠤᠯᠬᠤ ᠦᠭᠡᠢ ᠪᠠᠶᠢᠬᠤ ᠶᠢᠨ ᠬᠠᠮᠲᠦ᠂ ᠲᠦᠷᠦ ᠶᠢᠨ ᠪᠤᠳᠤᠯᠭ᠎ᠠ ᠪᠠᠨ ᠦᠷᠬᠦᠯᠵᠢᠯᠡᠨ | ᠲᠡᠭᠦᠯᠳᠡᠷᠵᠢᠭᠦᠯᠵᠦ᠂ ᠬᠠᠷᠠᠭᠠᠯᠵᠠᠬᠤ ᠡᠷᠴᠢᠮ ᠢᠶᠠᠨ ᠤᠯᠠᠮ ᠴᠢᠩᠭᠠᠷᠠᠭᠤᠯᠵᠣ᠂ ᠴᠦᠬᠡᠨ ᠲᠤᠭᠠᠲᠦ ᠦᠨᠳᠦᠰᠦᠲᠡᠨ ᠤ | ᠲᠡᠭᠡᠳᠦ ᠳᠡᠰ ᠤᠨ ᠴᠢᠳᠠᠪᠦᠷᠢᠲᠡᠨ ᠢ ᠬᠦᠮᠦᠵᠢᠭᠦᠯᠬᠦ ᠶᠢ ᠨᠡᠩ ᠲᠦᠷᠭᠡᠳᠭᠡᠵᠦ᠂ ᠴᠦᠬᠡᠨ ᠲᠤᠭᠠᠲᠦ ᠦᠨᠳᠦᠰᠦᠲᠡᠨ ᠤ | ᠰᠢᠯᠢᠳᠡᠭ ᠰᠤᠶᠤᠯ ᠢ ᠤᠯᠠᠮᠵᠢᠯᠠᠨ ᠵᠠᠯᠭᠠᠮᠵᠢᠯᠠᠬᠤ ᠳᠤ ᠦᠢᠯᠡᠴᠢᠯᠡᠭᠦᠯᠵᠦ᠂ ᠨᠡᠩ ᠣᠯᠠᠨ ᠴᠦᠬᠡᠨ ᠲᠤᠭᠠᠲᠦ | ᠦᠨᠳᠦᠰᠦᠲᠡᠨ ᠤ ᠰᠤᠷᠤᠭᠴᠢᠳ ᠤᠨ ᠰᠤᠷᠭᠠᠨ ᠬᠦᠮᠦᠵᠢᠯ ᠬᠦᠷᠲᠡᠬᠦ᠂ ᠠᠵᠢᠯ ᠤᠯᠵᠦ ᠦᠢᠯᠡᠰ ᠪᠤᠰᠬᠠᠬᠤ ᠵᠡᠷᠭᠡ | ᠲᠠᠯ᠎ᠠ ᠪᠠᠷ ᠠᠰᠢᠭ ᠬᠦᠷᠲᠡᠭᠡᠬᠦ ᠪᠣᠯᠣᠨ᠎ᠡ᠃ | 22. ᠠᠰᠠᠭᠤᠯᠳᠠ᠄ ᠭᠡᠷ ᠤᠨ ᠠᠬᠠᠮᠠᠳ᠂ ᠪᠠᠭᠰᠢ ᠨᠠᠷ ᠶᠠᠮᠠᠷ ᠶᠠᠮᠠᠷ ᠪᠤᠳᠠᠳᠠᠢ ᠪᠡᠯᠡᠳᠭᠡᠯ ᠠᠵᠢᠯ ᠭᠢᠵᠤ | ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠳᠤ ᠵᠤᠬᠢᠴᠠᠬᠤ ᠪᠤᠢ︖ | ᠬᠠᠷᠢᠭᠤᠯᠳᠠ᠄ ᠭᠡᠷ ᠤᠨ ᠠᠬᠠᠮᠠᠳ ᠪᠤᠯ ᠭᠡᠤᠭᠡᠳ ᠤᠨ ᠠᠩᠬᠠᠨ ᠤ ᠪᠠᠭᠰᠢ ᠮᠥᠨ᠂ ᠪᠠᠰᠠᠴᠤ ᠭᠡᠤᠭᠡᠳ ᠤᠨ | ᠦᠨᠢᠳᠠ ᠶᠢᠨ ᠳᠠᠭᠤᠷᠢᠶᠠᠯ ᠪᠤᠯᠤᠨ᠎ᠠ᠃ ᠭᠡᠷ ᠤᠨ ᠠᠬᠠᠮᠠᠳ ᠨᠢᠭᠡᠪᠤᠷᠢ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠳᠤᠬᠠᠢ ᠳᠦᠷᠤ ᠶᠢᠨ ᠪᠤᠳᠤᠯᠭ᠎ᠠ ᠶᠢᠨ ᠲᠠᠶᠢᠯᠣᠮᠵᠢ ᠶᠢ ᠭᠢᠨᠠᠮᠠᠭᠠᠢ ᠰᠤᠷᠤᠯᠴᠠᠬᠤ | ᠭᠡᠷᠡᠭᠳᠡᠢ᠃ ᠤᠳᠤ ᠶᠢᠨ ᠪᠤᠳᠠᠳᠠᠢ ᠠᠴᠠ ᠡᠬᠦᠰᠬᠦ ᠮᠦᠷᠳᠡᠭᠡᠨ ᠠᠯᠤᠰ ᠢᠷᠡᠭᠡᠳᠦᠢ ᠳᠤ ᠬᠠᠨᠳᠣᠵᠣ᠂ ᠤᠯᠤᠰ ᠤᠨ | ᠨᠡᠶᠢᠳᠡᠮ ᠬᠡᠷᠡᠭᠯᠡᠬᠦ ᠦᠭᠡ ᠭᠡᠯᠡ ᠶᠢ ᠰᠤᠷᠤᠯᠴᠠᠬᠤ ᠶᠢᠨ ᠰᠤᠷᠤᠭᠴᠢ ᠶᠢᠨ ᠬᠤᠪᠢ ᠬᠦᠮᠦᠨ ᠤ ᠬᠦᠭᠵᠢᠯᠳᠡ᠂ | ᠢᠷᠡᠭᠡᠳᠤᠢ ᠳᠤ ᠠᠵᠢᠯ ᠤᠯᠬᠤ ᠪᠠ ᠨᠠᠶᠢᠭᠡᠮ ᠳᠤ ᠠᠭᠤᠰᠬᠤ ᠳᠠᠬᠢ ᠢᠳᠡᠪᠭᠢᠳᠡᠢ ᠦᠢᠯᠡᠳᠤᠯ ᠢ ᠬᠦᠢᠴᠡᠳ ᠳᠠᠨᠢᠬᠤ | ᠭᠡᠷᠡᠭᠳᠡᠢ᠃ ᠰᠤᠷᠭᠠᠭᠤᠯᠢ ᠪᠠ ᠪᠠᠭᠰᠢ ᠨᠠᠷ ᠲᠠᠢ ᠢᠳᠡᠪᠭᠢᠳᠡᠢ ᠬᠠᠮᠵᠢᠯᠴᠠᠨ ᠭᠡᠤᠭᠡᠳ ᠢᠶᠠᠨ ᠬᠠᠤᠯᠢ ᠶᠤᠰᠤᠭᠠᠷ | ᠰᠤᠷᠭᠠᠭᠤᠯᠢ ᠳᠤ ᠤᠷᠤᠭᠤᠯᠵᠤ᠂ ᠬᠦᠮᠤᠵᠢᠭᠦᠯᠵᠦ ᠬᠠᠮᠢᠶᠠᠷᠬᠤ ᠪᠠ ᠰᠤᠷᠭᠠᠨ ᠬᠦᠮᠦᠵᠢᠭᠦᠯᠵᠦ ᠵᠢᠭᠠᠨ ᠰᠤᠷᠭᠠᠬᠤ | ᠠᠵᠢᠯ ᠢ ᠰᠠᠶᠢᠳᠣᠷ ᠬᠢᠬᠦ ᠭᠡᠷᠡᠭᠳᠡᠢ᠂ ᠰᠤᠷᠭᠠᠭᠤᠯᠢ ᠶᠢ ᠬᠠᠮᠵᠢᠨ ᠭᠡᠤᠭᠡᠳ ᠤᠨ ᠢᠶᠠᠨ ᠰᠡᠳᠭᠢᠴᠠ ᠶᠢ ᠵᠢᠯᠤᠭᠤᠳᠬᠤ | ᠪᠠ ᠤᠷᠮ᠎ᠠ ᠰᠡᠳᠭᠢᠯᠭᠡ ᠶᠢ ᠬᠠᠮᠢᠶᠠᠷᠬᠤ ᠠᠵᠢᠯ ᠢ ᠰᠡᠶᠢᠳᠤᠷ ᠭᠢᠵᠤ᠂ ᠭᠡᠤᠭᠡᠳ ᠢᠶᠠᠨ ᠬᠠᠪᠰᠤᠷᠴᠤ ᠦᠪᠡᠷ ᠢ ᠪᠠᠨ | ᠢᠳᠡᠭᠡᠬᠦ ᠰᠡᠳᠭᠢᠯᠭᠡ ᠲᠠᠢ ᠪᠤᠯᠭᠠᠵᠤ᠂ ᠰᠠᠶᠢᠨ ᠰᠠᠶᠢᠬᠠᠨ ᠰᠤᠷᠤᠯᠴᠠᠬᠤ ᠳᠠᠳᠬᠠᠯ ᠲᠠᠢ ᠪᠤᠯᠭᠠᠬᠤ ᠭᠡᠷᠡᠭᠳᠡᠢ᠃ | ᠭᠡᠤᠭᠡᠳ ᠤᠨ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌ ᠪᠢᠴᠢᠭ ᠢ ᠰᠤᠷᠤᠯᠴᠠᠬᠤ ᠳᠤᠷ᠎ᠠ | ᠪᠠᠬ᠎ᠠ ᠶᠢ ᠬᠦᠮᠤᠵᠢᠬᠦᠯᠬᠦ ᠶᠢ ᠠᠩᠬᠠᠷᠣᠨ ᠴᠢᠬᠤᠯᠠᠴᠢᠯᠠᠵᠤ᠂ ᠠᠭᠤᠵᠢᠭᠤ ᠳᠠᠯᠪᠢᠭᠤ ᠡᠶ᠎ᠡ ᠵᠣᠬᠢᠴᠠᠩᠭᠤᠢ ᠦᠭᠡ | ᠭᠡᠯᠡᠨ ᠤ ᠤᠷᠴᠢᠨ ᠳᠤᠭᠤᠷᠢᠨ ᠢ ᠢᠳᠡᠪᠭᠢᠳᠡᠢ ᠡᠬᠦᠳᠴᠤ᠂ ᠭᠡᠤᠭᠡᠳ ᠤᠨ ᠢᠶᠠᠨ ᠤᠯᠤᠰ ᠤᠨ ᠨᠡᠶᠢᠳᠡᠮ ᠬᠡᠷᠡᠭᠯᠡᠬᠦ | ᠦᠭᠡ ᠭᠡᠯᠡ ᠦᠰᠤᠭ᠌ ᠪᠢᠴᠢᠭ ᠤᠨ ᠭᠡᠤᠭᠡᠯᠳᠡᠢ ᠵᠦᠴᠤᠭᠡ ᠪᠠ ᠸᠢᠳᠢᠣ᠋ ᠰᠤᠷᠭᠠᠨ ᠬᠦᠮᠤᠵᠢᠯ ᠤᠨ ᠡᠭᠢ ᠪᠠᠶᠠᠯᠢᠭ | ᠵᠡᠷᠭᠡ ᠶᠢ ᠰᠣᠨᠢᠷᠬᠠᠬᠤ ᠶᠢ ᠳᠠᠮᠵᠢᠬᠦ ᠭᠡᠷᠡᠭᠳᠡᠢ︔ ᠭᠡᠤᠭᠡᠳ ᠤᠨ ᠢᠶᠠᠨ ᠭᠢᠴᠢᠶᠠᠯ ᠤᠨ ᠭᠠᠳᠠᠨᠠᠭᠢ ᠤᠩᠰᠢᠯᠭ᠎ᠠ ᠶᠢ | ᠵᠤᠷᠢᠭᠵᠢᠭᠤᠯᠵᠤ᠂ ᠭᠡᠤᠭᠡᠳ ᠤᠨ ᠠᠮᠢᠳᠤᠷᠠᠯ ᠤᠨ ᠦᠩᠭᠡᠷᠡᠯᠳᠡ᠂ ᠡᠶ᠎ᠡ ᠵᠣᠬᠢᠴᠠᠩᠭᠤᠢ ᠤᠷᠴᠢᠨ ᠳᠤᠭᠤᠷᠢᠨ ᠪᠠ | ᠨᠠᠭᠠᠳᠤᠮ ᠳᠤᠭᠯᠠᠭᠠᠮ ᠤᠨ ᠠᠵᠢᠯᠯᠠᠭ᠎ᠠ ᠳᠤᠮᠳᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌ ᠪᠢᠴᠢᠭ ᠤᠨ | ᠳᠦᠪᠰᠢᠨ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌ ᠪᠢᠴᠢᠭ ᠢ ᠭᠡᠷᠡᠭᠯᠡᠨ ᠰᠤᠷᠤᠯᠴᠠᠬᠤ | ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃ ᠪᠠᠭᠰᠢ ᠪᠤᠯ ᠰᠤᠷᠤᠭᠴᠢ ᠶᠢᠨ ᠦᠰᠤᠨ | ᠪᠦᠢᠵᠢᠯᠳᠡ ᠶᠢᠨ ᠵᠠᠮᠴᠢᠯᠠᠭᠴᠢ ᠮᠥᠨ᠃ ᠪᠠᠭᠰᠢ ᠨᠢᠭᠡᠪᠤᠷᠢ ᠶᠣᠰᠣ ᠰᠣᠷᠳᠠᠬᠤᠨ ᠢᠶᠠᠷ ᠬᠦᠮᠤᠨ ᠬᠦᠮᠤᠵᠢᠬᠦᠯᠬᠦ ᠣᠭ | ᠰᠠᠨᠠᠭ᠎ᠠ ᠪᠠᠨ ᠢᠮᠠᠭᠳᠠ ᠪᠠᠷᠢᠮᠳᠠᠯᠠᠵᠤ᠂ ᠨᠠᠮ ᠳᠤ ᠬᠦᠮᠤᠨ ᠬᠦᠮᠤᠵᠢᠬᠦᠯᠦᠨ ᠦᠭᠬᠦ᠂ ᠤᠯᠤᠰ ᠲᠤ ᠴᠢᠳᠠᠪᠤᠷᠢᠳᠠᠨ | ᠬᠦᠮᠤᠵᠢᠬᠦᠯᠦᠨ ᠦᠭᠬᠦ ᠳᠡᠤᠭᠡᠳᠤ ᠡᠬᠦᠷᠭᠡ ᠪᠠᠨ ᠪᠠᠳᠤ ᠴᠡᠭᠡᠵᠢᠯᠡᠬᠦ ᠭᠡᠷᠡᠭᠳᠡᠢ᠃ ᠨᠠᠮ ᠤᠨ ᠳᠦᠪ ᠬᠤᠷᠢᠶᠠᠨ ᠤ | ᠰᠶᠢᠳᠪᠤᠷᠢᠳᠣ ᠪᠣᠳᠣᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠠᠵᠢᠯ ᠤᠨ | ᠪᠠᠶᠢᠷᠢᠯᠠᠭᠤᠯᠣᠯᠳᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠭᠡᠷᠡᠭᠯᠡᠬᠦ ᠠᠵᠢᠯ ᠢ ᠡᠷᠡᠰ ᠭᠤᠶᠢᠪᠢᠰᠢ ᠦᠭᠡᠢ ᠠᠭᠢᠭᠤᠯᠵᠤ᠂ ᠭᠡᠷ ᠤᠨ ᠠᠬᠠᠮᠠᠳ ᠲᠤ ᠨᠠᠷᠢᠨ ᠭᠢᠨᠠᠮᠠᠭᠠᠢ | ᠬᠦᠯᠢᠴᠡᠩᠬᠦᠢ ᠪᠠᠷ ︽ᠳᠠᠪᠤ ᠶᠢ ᠳᠤᠳᠤᠷᠬᠠᠢ ᠳᠠᠶᠢᠯᠪᠣᠷᠢᠯᠠᠨ ᠦᠭᠬᠦ︾᠂ ︽ᠭᠤᠷᠪᠠ ᠶᠢ ᠬᠤᠪᠢᠷᠠᠭᠤᠯᠬᠤ ᠦᠭᠡᠢ︾ | ᠳᠦᠷᠤ ᠶᠢᠨ ᠪᠤᠳᠤᠯᠭ᠎ᠠ ᠶᠢ ᠳᠠᠶᠢᠯᠪᠤᠷᠢᠯᠠᠨ ᠦᠭᠬᠦ ᠠᠵᠢᠯ ᠢ ᠰᠠᠶᠢᠳᠤᠷ ᠭᠢᠬᠦ ᠭᠡᠷᠡᠭᠳᠡᠢ᠃ ᠡᠬᠦᠨ ᠤ ᠬᠠᠮᠳᠤ | ᠣᠳᠣ ᠶᠢᠨ ᠪᠤᠳᠠᠳᠠᠢ ᠠᠴᠠ ᠪᠠᠨ ᠡᠬᠦᠰᠦᠨ᠂ ᠠᠯᠣᠰ ᠢᠷᠡᠭᠡᠳᠤᠢ ᠳᠤ ᠬᠠᠨᠳᠤᠵᠤ᠂ ᠢᠳᠡᠭᠡᠯ ᠵᠤᠷᠢᠭ ᠢᠶᠠᠨ | ᠪᠠᠳᠣᠳᠬᠠᠨ ᠭᠢᠴᠢᠶᠠᠯ ᠨᠢᠭᠡᠪᠤᠷᠢ ᠶᠢ ᠰᠠᠶᠢᠳᠤᠷ ᠵᠢᠭᠠᠵᠤ᠂ ᠰᠤᠷᠤᠭᠴᠢ ᠨᠢᠭᠡᠪᠤᠷᠢ ᠶᠢ ᠰᠠᠶᠢᠳᠤᠷ ᠬᠦᠮᠤᠵᠢᠬᠦᠯᠵᠤ᠂ | ᠨᠢᠭᠡ ᠭᠡᠤᠭᠡᠳ ᠢ ᠴᠤ ᠡᠩᠨᠡᠭᠡ ᠠᠴᠠ ᠬᠤᠴᠤᠷᠤᠭᠤᠯᠬᠤ ᠦᠭᠡᠢ ᠪᠠᠶᠢᠬᠤ ᠶᠢ ᠦᠨᠡᠨᠬᠦ ᠪᠠᠳᠤᠯᠠᠬᠤ ᠭᠡᠷᠡᠭᠳᠡᠢ᠃ ᠠᠵᠢᠯ | ᠳᠤᠮᠳᠠ ᠪᠠᠨ ᠵᠢᠭᠠᠬᠤ ᠮᠠᠲ᠋ᠧᠷᠢᠶᠠᠯ ᠢᠶᠠᠨ ᠨᠠᠷᠢᠨ ᠭᠢᠨᠠᠮᠠᠭᠠᠢ ᠰᠤᠳᠤᠯᠵᠤ᠂ ᠭᠢᠴᠢᠶᠠᠯ ᠤᠨ ᠪᠠᠷᠢᠮᠵᠢᠶ᠎ᠠ ᠶᠢ ᠰᠤᠷᠤᠯᠴᠠᠵᠤ | ᠂ ᠵᠢᠭᠠᠬᠤ ᠠᠷᠭ᠎ᠠ ᠪᠠᠨ ᠰᠠᠶᠢᠵᠢᠷᠠᠭᠤᠯᠵᠣ᠂ ᠰᠤᠷᠭᠠᠨ ᠬᠦᠮᠤᠵᠢᠭᠦᠯᠬᠦ ᠦᠢᠯᠠᠭᠠᠭᠳᠠᠬᠤᠨ ᠢᠶᠠᠨ ᠰᠢᠨᠡᠴᠢᠯᠡᠵᠤ᠂ | ᠰᠤᠷᠤᠯᠴᠠᠯᠭ᠎ᠠ ᠶᠢᠨ ᠪᠠᠶᠢᠳᠠᠯ ᠢ ᠬᠦᠨᠵᠡᠭᠡᠢ ᠰᠤᠳᠤᠯᠵᠤ᠂ ᠭᠡᠷ ᠤᠨ ᠠᠬᠠᠮᠠᠳ ᠰᠤᠷᠭᠠᠭᠤᠯᠢ ᠶᠢᠨ ᠬᠠᠮᠵᠢᠯᠴᠠᠭ᠎ᠠ ᠶᠢ | ᠴᠢᠩᠭᠠᠳᠬᠠᠵᠤ᠂ ᠰᠢᠯᠢᠳᠡᠭ ᠪᠠᠭᠰᠢ ᠪᠤᠯᠬᠤ ᠪᠠᠷ ᠴᠢᠷᠮᠠᠶᠢᠵᠤ᠂ ᠰᠢᠯᠢᠳᠡᠭ ᠰᠤᠷᠤᠭᠴᠢ ᠶᠢ ᠬᠦᠮᠤᠵᠢᠬᠦᠯᠤᠨ᠂ ᠠᠷᠠᠳ | ᠳᠦᠮᠠᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠭᠡᠢ ᠪᠠᠶᠢᠬᠤ ᠬᠡᠷᠡᠭᠳᠡᠢ᠃ | 23. ᠠᠰᠠᠭᠤᠯᠲᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ | ᠲᠠᠷᠠᠭ᠎ᠠ᠂ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠦᠷᠢ | ᠲᠦᠪᠰᠢᠨ ᠲᠡᠭᠡᠭᠰᠢᠯᠡᠬᠦ ᠶᠢ ᠲᠠᠭᠠᠯᠳᠤᠨ᠂ ᠬᠤᠶᠢᠰᠢᠲᠡ ᠡᠨᠡᠬᠦ ᠭᠤᠷᠪᠠᠨ ᠬᠢᠴᠢᠶᠡᠯ ᠲᠦᠷᠦᠯ ᠳᠤ ᠵᠦᠪᠬᠡᠨ ᠮᠤᠩᠭᠤᠯ | ᠬᠢᠲᠠᠳ ᠬᠡᠯᠡᠨ ᠳᠤ ᠵᠡᠷᠭᠡ ᠪᠠᠷ ᠴᠠᠭᠠᠷᠠᠭᠰᠠᠨ ᠪᠠᠭᠰᠢ ᠶᠢ ᠯᠠ ᠤᠷᠢᠵᠦ ᠬᠡᠷᠡᠭᠯᠡᠬᠦ ᠤᠤ︖ ᠡᠰᠡᠬᠦᠯ᠎ᠡ ᠵᠦᠪᠬᠡᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠵᠦ ᠴᠢᠳᠠᠬᠤ ᠪᠠᠭᠰᠢ ᠶᠢ ᠯᠠ ᠤᠷᠢᠵᠦ | ᠬᠡᠷᠡᠭᠯᠡᠬᠦ ᠤᠤ︖ | ᠬᠠᠷᠢᠭᠤᠯᠲᠠ᠄ ᠪᠠᠭᠰᠢ ᠤᠷᠢᠵᠦ ᠬᠡᠷᠡᠭᠯᠡᠬᠦ ᠪᠤᠯ ᠤᠷᠤᠨ ᠨᠤᠲᠤᠭ ᠤᠨ ᠠᠵᠢᠯ ᠡᠷᠬᠡ ᠮᠦᠨ᠃ ᠤᠷᠤᠨ | ᠨᠤᠲᠤᠭ ᠤᠨ ᠬᠤᠭᠤᠷᠤᠨᠳᠤᠬᠢ᠂ ᠬᠤᠲᠠ ᠬᠦᠳᠡᠭᠡ ᠶᠢᠨ ᠬᠤᠭᠤᠷᠤᠨᠳᠤᠬᠢ ᠠᠵᠦ ᠠᠬᠤᠢ ᠨᠡᠶᠢᠭᠡᠮ ᠤᠨ ᠬᠦᠭᠵᠢᠯᠲᠡ᠂ | ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠪᠰᠢᠨ ᠪᠠ ᠦᠭᠡ ᠬᠡᠯᠡᠨ ᠤ ᠰᠠᠭᠤᠷᠢ ᠶᠢᠨ ᠤᠷᠴᠢᠨ ᠳᠣᠭᠤᠷᠢᠨ ᠳᠤ | ᠵᠤᠬᠢᠬᠤ ᠵᠦᠷᠢᠶ᠎ᠠ ᠤᠷᠤᠰᠢᠵᠦ ᠪᠣᠢ᠂ ᠡᠯ᠎ᠡ ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠶᠢᠨ ᠪᠦᠲᠦᠴᠡ᠂ ᠵᠢᠭᠠᠨ | ᠰᠤᠷᠭᠠᠯᠲᠠ ᠶᠢᠨ ᠤᠨᠴᠠᠯᠢᠭ ᠤᠨ ᠲᠠᠯ᠎ᠠ ᠪᠠᠷ ᠪᠠᠭᠰᠢ ᠳᠤ ᠲᠠᠯᠪᠢᠬᠤ ᠵᠢᠭᠠᠨ ᠰᠤᠷᠭᠠᠬᠤ ᠴᠢᠳᠠᠪᠦᠷᠢ ᠶᠢᠨ | ᠱᠠᠭᠠᠷᠳᠠᠯᠭ᠎ᠠ ᠨᠢ ᠴᠦ ᠪᠦᠷᠢᠮᠦᠰᠦᠨ ᠠᠳᠠᠯᠢ ᠪᠤᠰᠤ ᠪᠠᠶᠢᠳᠠᠭ᠃ ᠡᠶᠢᠮᠦ ᠠᠴᠠ᠂ ᠡᠯ᠎ᠡ ᠭᠠᠵᠠᠷ ᠤᠷᠤᠨ ᠤ ᠪᠠᠭᠰᠢ | ᠤᠷᠢᠨ ᠬᠡᠷᠡᠭᠯᠡᠬᠦ ᠨᠦᠬᠦᠴᠡᠯ ᠨᠢ ᠴᠦ ᠵᠦᠷᠢᠶ᠎ᠡ ᠲᠠᠢ ᠶᠤᠮ᠃ ᠭᠡᠪᠡᠴᠦ ᠶᠡᠷᠦᠩᠬᠡᠢ ᠳᠤᠨᠢ ᠠᠪᠴᠦ ᠦᠵᠡᠪᠡᠯ᠂ | ᠮᠤᠩᠭᠤᠯ ᠬᠢᠲᠠᠳ ᠬᠡᠯᠡᠨ ᠳᠤ ᠵᠡᠷᠭᠡ ᠪᠠᠷ ᠴᠠᠭᠠᠷᠠᠭᠰᠠᠨ᠂ ᠦᠨᠳᠦᠷ ᠲᠦᠪᠰᠢᠨ ᠪᠦᠬᠦᠢ᠂ ᠲᠤᠰᠬᠠᠢ ᠮᠡᠷᠭᠡᠵᠢᠯ ᠤᠨ᠂ | ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠪᠤᠯ ᠰᠤᠷᠭᠠᠭᠤᠯᠢ ᠳᠤ ᠬᠠᠮᠤᠭ ᠠᠴᠠ ᠱᠠᠭᠠᠷᠳᠠᠭᠳᠠᠬᠤ ᠶᠤᠮ᠃ |