ᠭᠤᠴᠢᠨ ᠲᠠᠪᠤᠳᠤᠭᠠᠷ ᠬᠤᠭᠤᠴᠠᠭᠠᠨ ᠤ ᠪᠠᠶᠠᠨ ᠨᠠᠮᠤᠷ ᠤᠨ ᠤᠳᠪᠠᠯᠠ ᠴᠡᠴᠡᠭ ᠤᠨ ᠦᠵᠡᠭᠦᠯᠦᠯᠭᠡ ᠡᠭᠢᠯᠡᠪᠡ
ᠨᠡᠶᠢᠲᠡᠯᠡᠭᠰᠡᠨ ᠴᠠᠭ᠄
2020/9/21
     9 ᠰᠠᠷ᠎ᠠ ᠶᠢᠨ 20 ᠤ ᠡᠳᠦᠷ᠂ ᠭᠤᠴᠢᠨ ᠲᠠᠪᠤᠳᠤᠭᠠᠷ ᠬᠤᠭᠤᠴᠠᠭᠠᠨ ᠤ ᠪᠠᠶᠠᠨ ᠨᠠᠮᠤᠷ ᠤᠨ ᠤᠳᠪᠠᠯᠠ ᠴᠡᠴᠡᠭ ᠤᠨ ᠦᠵᠡᠭᠦᠯᠦᠯᠭᠡ ᠡᠭᠢᠯᠡᠪᠡ᠃ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠪᠠᠶ ᠬᠠᠶ ᠿᠦᠩ᠂ ᠯᠢᠶᠠᠩ ᠱᠤ᠋ ᠫᠢᠩ᠂ ᠹᠦ᠋ ᠲᠢᠩ ᠯᠢᠨ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃      ᠤᠳᠪᠠᠯᠠ ᠴᠡᠴᠡᠭ ᠤᠨ ᠦᠵᠡᠭᠦᠯᠦᠯᠭᠡ ᠨᠢ ︽ᠪᠠᠶᠠᠨ ᠨᠠᠮᠤᠷ ᠤᠨ ᠰᠢᠷᠭᠠᠯ ᠤᠳᠪᠠᠯᠠ᠂ ᠪᠠᠬ᠎ᠠ ᠶᠢ ᠲᠠᠳᠠᠭᠰᠠᠨ ᠦᠵᠡᠮᠵᠢ ᠶᠢᠨ ᠤᠷᠤᠨ︾  ᠬᠡᠬᠦ ᠪᠠᠷ ᠭᠤᠣᠯ ᠰᠡᠳᠦᠪ ᠪᠤᠯᠭᠠᠵᠤ᠂ ᠠᠷᠪᠢᠴᠢ ᠭᠠᠮᠲᠠᠶ᠂ ᠪᠣᠳᠠᠲᠠᠶ ᠶᠢ ᠡᠷᠬᠢᠮᠯᠡᠬᠦ᠂ ᠭᠤᠶᠢᠳᠠ ᠰᠠᠶᠢᠬᠠᠨ ᠢ ᠪᠠᠲᠤᠯᠠᠬᠤ ᠪᠠᠷ ᠵᠠᠷᠴᠢᠮ ᠪᠣᠯᠭᠠᠵᠤ᠂ ᠳᠡᠯᠭᠡᠨ ᠦᠵᠡᠭᠦᠯᠬᠦ ᠠᠷᠭ᠎ᠠ ᠬᠡᠯᠪᠡᠷᠢ ᠪᠠᠨ ᠰᠢᠨᠡᠴᠢᠯᠡᠵᠦ᠂ ᠤᠳᠪᠠᠯᠠ ᠴᠡᠴᠡᠭ ᠤᠨ ᠦᠵᠡᠭᠦᠯᠦᠯᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠲᠤᠰᠬᠠᠶ ᠮᠡᠷᠭᠡᠵᠢᠯ ᠤᠨ ᠴᠢᠨᠠᠷ᠂ ᠣᠯᠠᠨ ᠲᠦᠮᠡᠨᠴᠢ ᠴᠢᠨᠠᠷ᠂ ᠰᠣᠶᠣᠯ ᠤᠨ ᠴᠢᠨᠠᠷ ᠢ ᠳᠣᠪᠤᠶᠢᠯᠭᠠᠵᠤ᠂ ᠤᠳᠪᠠᠯᠠ ᠴᠡᠴᠡᠭ ᠤᠨ ᠣᠷᠴᠢᠨ ᠲᠣᠭᠤᠷᠢᠨ ᠢ ᠭᠤᠶᠣᠯᠠᠬᠤ᠂ ᠬᠤᠲᠠ ᠶᠢ ᠴᠢᠮᠡᠭᠯᠡᠬᠦ᠂ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ ᠴᠢᠳᠠᠮᠵᠢ ᠪᠠ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠦᠬᠠᠢ ᠶᠢᠨ ᠬᠦᠮᠦᠰ ᠤᠨ ᠢᠳᠡᠪᠬᠢᠲᠡᠢ ᠪᠠᠶᠠᠰᠤᠩᠭᠤᠢ᠂ ᠠᠮᠢᠳᠤᠷᠠᠯ ᠢ ᠬᠠᠶᠢᠷᠠᠯᠠᠬᠤ ᠵᠣᠷᠢᠭ ᠰᠠᠨᠠᠭ᠎ᠠ ᠶᠢ ᠢᠯᠡᠷᠡᠭᠦᠯᠪᠡ᠃      ᠲᠤᠰ ᠬᠤᠭᠤᠴᠠᠭᠠᠨ ᠤ ᠤᠳᠪᠠᠯᠠ ᠴᠡᠴᠡᠭ ᠦᠵᠡᠭᠦᠯᠦᠯᠭᠡ ᠶᠢ ᠬᠤᠲᠠ ᠶᠢᠨ ᠣᠯᠠᠨ ᠨᠡᠶᠢᠲᠡ ᠶᠢᠨ ᠦᠢᠯᠡᠰ ᠤᠨ ᠲᠥᠪ ᠤᠨ ᠬᠥᠳᠡᠯᠭᠡᠭᠡᠨ ᠤ ᠴᠡᠴᠡᠷᠯᠢᠭ ᠤᠨ ᠲᠣᠭᠤᠷᠢᠨ ᠳᠤ ᠪᠠᠶᠢᠷᠢᠯᠠᠭᠤᠯᠤᠯᠲᠠ ᠬᠢᠵᠦ᠂ ᠨᠡᠶᠢᠲᠡ 40 ᠭᠠᠷᠤᠶ ᠨᠡᠷᠡᠲᠤ ᠤᠳᠪᠠᠯᠠ ᠴᠡᠴᠡᠭ᠂ ᠰᠣᠳᠣᠨ ᠤᠳᠪᠠᠯᠠ ᠴᠡᠴᠡᠭ 65000 ᠭᠠᠷᠤᠶ ᠰᠠᠭᠤᠷᠢ᠂ ᠬᠡᠯᠪᠡᠷᠢ ᠳᠦᠷᠰᠦ  ᠲᠠᠢ ᠤᠳᠪᠠᠯᠠ ᠴᠡᠴᠡᠭ 280 ᠭᠠᠷᠤᠶ ᠰᠠᠭᠤᠷᠢ᠂ ᠤᠯᠠᠷᠢᠯ ᠤᠨ ᠡᠪᠡᠰᠦ ᠴᠡᠴᠡᠭ ᠢ 30000 ᠭᠠᠷᠤᠶ ᠰᠠᠭᠤᠷᠢ ᠳᠡᠯᠭᠡᠨ ᠦᠵᠡᠭᠦᠯᠵᠦ᠂ ᠲᠣᠮᠣ ᠬᠡᠯᠪᠡᠷᠢ ᠶᠢᠨ ᠪᠣᠰᠤᠭ᠎ᠠ ᠴᠣᠭᠴᠠᠲᠤ ᠤᠳᠪᠠᠯᠠ ᠴᠡᠴᠡᠭ ᠤᠨ ᠳᠦᠷᠰᠦ ᠪᠦᠲᠦᠭᠡᠯ ᠢ 12 ᠲᠥᠯᠥᠪᠯᠡᠨ ᠲᠠᠯᠪᠢᠵᠠᠶ᠃      ᠲᠤᠰ ᠤᠳᠠᠭᠠᠨ ᠤ ᠤᠳᠪᠠᠯᠠ ᠴᠡᠴᠡᠭ ᠤᠨ ᠦᠵᠡᠭᠦᠯᠦᠯᠭᠡ ᠪᠠᠷᠤᠭ ᠨᠢᠭᠡ ᠰᠠᠷ᠎ᠠ ᠬᠠᠭᠠᠰ ᠦᠷᠭᠦᠯᠵᠢᠯᠡᠵᠦ᠂ ᠪᠦᠬᠦᠨ ᠢᠶᠠᠷ ᠢᠶᠠᠨ ᠴᠡᠴᠡᠭᠯᠡᠬᠦ ᠨᠢ ᠪᠠᠷᠤᠭ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号