9 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ 24 ᠳ᠋ᠣᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ | ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ ᠬᠠᠨ ᠬᠦᠸᠧ ᠦ᠋ ᠬᠤᠷᠠᠯ | ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠯᠢᠦ ᠬᠤᠩ ᠶᠦᠨ᠂ ᠯᠢᠦ | ᠵᠢᠢ ᠭᠤᠤ᠂ ᠪᠠᠢ ᠬᠠᠢ ᠿᠦᠩ᠂ ᠡᠦ ᠰᠢᠶᠣᠤ ᠾᠦᠢ᠂ ᠽᠦᠸᠧ ᠶᠢᠩ ᠬᠤᠷᠠᠯ ᠳᠤ ᠣᠷᠣᠯᠴᠠᠪᠠ᠃ ᠳᠡᠳ᠋ | ᠡᠷᠬᠢᠯᠡᠭᠴᠢ ᠸᠠᠩ ᠶᠢᠨ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠨᠢᠭᠡᠳᠦᠯᠳᠡᠢ ᠲᠥᠯᠥᠪᠯᠡᠨ ᠠᠬᠢᠭᠤᠯᠬᠤ ᠡᠯ᠎ᠡ ᠠᠵᠢᠯ ᠤᠨ ᠲᠤᠰᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠦᠨᠡᠯᠡᠯᠲᠡ ᠬᠢᠬᠦ ᠶᠢᠨ ᠬᠠᠮᠲᠤ ᠬᠤᠯᠪᠣᠭᠳᠠᠯ ᠪᠦᠬᠦᠢ | ᠱᠠᠭᠠᠷᠳᠠᠯᠭ᠎ᠠ ᠳᠤᠷᠠᠳᠪᠠ᠃ | ᠬᠠᠨ ᠬᠦᠸᠧ ᠡᠣ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠤᠨ ᠠᠭᠤᠰᠤᠯᠴᠠᠯ ᠢ ᠬᠠᠷᠢᠯᠴᠠᠨ | ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠨᠠᠮ ᠤᠨ ᠤᠳᠤᠷᠢᠳᠤᠯᠭ᠎ᠠ ᠶᠢ ᠤᠯᠠᠮ | ᠴᠢᠨᠠᠭᠰᠢᠳᠠ ᠴᠢᠩᠭᠠᠳᠬᠠᠵᠤ ᠰᠢᠨ᠎ᠡ ᠴᠠᠭ ᠦᠶ᠎ᠡ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠢ ᠰᠠᠶᠢᠲᠤᠷ ᠬᠢᠬᠦ ᠲᠤᠬᠠᠢ ᠰᠠᠨᠠᠯ︾ ᠪᠣᠯᠤᠨ ᠬᠤᠳᠠ ᠶᠢᠨ ᠨᠠᠮ ᠤᠨ ᠬᠤᠷᠢᠶᠠᠨ ᠤ ︽ᠬᠡᠷᠡᠭᠵᠢᠭᠦᠯᠬᠦ ᠲᠥᠰᠦᠯ | ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠦᠲᠦᠮᠵᠢᠲᠡᠢ ᠠᠴᠢᠶᠠᠯᠠᠪᠤᠷᠢ ᠮᠥᠨ᠂ ︽ᠬᠤᠶᠠᠷ ᠪᠠᠶᠢᠭᠤᠯᠭ᠎ᠠ︾ ᠶᠢᠨ | ᠪᠠᠶᠢᠭᠤᠯᠤᠯᠲᠠ ᠳᠤ ᠰᠠᠭᠤᠷᠢᠯᠠᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ | ᠴᠣᠭᠴᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠰᠢᠨ᠎ᠡ ᠶᠢ ᠡᠭᠦᠳᠬᠦ ᠠᠷᠭ᠎ᠠ ᠪᠠᠷᠢᠯ ᠪᠣᠯᠤᠨ᠎ᠠ᠃ ᠠᠵᠢᠯ ᠤᠨ | ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠦᠵᠡᠯ ᠰᠠᠨᠠᠭᠠᠨ ᠤ ᠲᠠᠯ᠎ᠠ ᠠᠴᠠ ᠴᠢᠬᠤᠯᠠᠴᠢᠯᠠᠵᠤ᠂ ᠠᠵᠢᠯ ᠤᠨ | ᠲᠠᠯ᠎ᠠ ᠪᠠᠷ ᠬᠥᠳᠡᠯᠦᠯᠴᠡᠵᠦ᠂ ᠠᠵᠢᠯ ᠢᠶᠠᠨ ᠰᠠᠶᠢᠲᠤᠷ ᠬᠢᠬᠦ ᠠᠷᠭ᠎ᠠ ᠵᠠᠮ ᠢ ᠭᠦᠨᠵᠡᠭᠡᠶ ᠰᠡᠳᠬᠢᠨ ᠪᠤᠲᠤᠯᠬᠢᠯᠠᠵᠤ | ᠲᠥᠯᠥᠪᠯᠡᠬᠦ ᠬᠡᠷᠡᠭᠲᠡᠶ︔ ᠠᠵᠢᠯ ᠤᠨ ᠪᠠᠶᠢᠷᠢ ᠲᠣᠭᠲᠠᠭᠠᠯᠲᠠ ᠪᠠᠨ ᠦᠨᠡᠨ ᠬᠦ ᠣᠨᠣᠪᠴᠢᠲᠠᠶ ᠡᠷᠢᠵᠦ᠂ | ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠢ ᠪᠦᠬᠦᠯᠢ | ᠴᠣᠭᠴᠠ ᠪᠠᠷ ᠨᠢ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠬᠠᠷᠢᠯᠴᠠᠨ ᠠᠬᠢᠭᠤᠯᠵᠤ᠂ | ᠬᠠᠮᠲᠤ ᠪᠠᠷ ᠳᠡᠭᠡᠭᠰᠢᠯᠡᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠳᠡᠢ︔ ᠠᠵᠢᠯ ᠤᠨ ᠦᠷ᠎ᠡ ᠪᠦᠲᠦᠮᠵᠢ ᠪᠠᠨ ᠪᠦᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ︽ᠬᠠᠷᠠᠯᠲᠠ ᠶᠢᠨ ᠰᠢᠰᠲ᠋ᠧᠮ᠂ ᠴᠤᠪᠤᠷᠠᠯ ᠢ ᠲᠣᠭᠲᠠᠭᠠᠬᠤ᠂ ᠪᠡᠶᠡᠯᠡᠭᠦᠯᠬᠦ | ᠠᠷᠭ᠎ᠠ ᠵᠠᠮ᠂ ᠲᠦᠷᠢᠮ ᠤᠨ ᠪᠠᠲᠤᠯᠠᠭ᠎ᠠ᠂ ᠦᠨᠡᠯᠡᠬᠦ ᠰᠢᠰᠲ᠋ᠧᠮ︾ ᠭᠡᠬᠦ ᠲᠠᠪᠤᠨ ᠲᠠᠯ᠎ᠠ ᠪᠠᠷ ᠭᠦᠨᠵᠡᠭᠡᠶ ᠰᠤᠳᠤᠯᠤᠨ | ᠲᠥᠯᠥᠪᠯᠡᠵᠦ᠂ ᠡᠯ᠎ᠡ ᠵᠦᠢᠯ ᠤᠨ ᠠᠵᠢᠯ ᠢᠶᠠᠨ ᠨᠠᠷᠢᠯᠢᠭ ᠪᠣᠳᠠᠲᠠᠶ ᠠᠳᠬᠤᠬᠤ ᠬᠡᠷᠡᠭᠳᠡᠢ︔ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠨᠢᠭᠡᠳ ᠨᠢᠭᠡ ᠪᠠᠷ ᠰᠣᠳᠣᠯᠵᠣ᠂ ᠨᠢᠭᠡᠳ ᠨᠢᠭᠡ ᠪᠠᠷ | ᠰᠢᠪᠲᠤᠯᠤᠯᠲᠠ ᠭᠠᠷᠭᠠᠵᠤ᠂ ᠲᠣᠭᠲᠠᠭᠠᠭᠰᠠᠨ ᠬᠠᠷᠠᠯᠲᠠ᠂ ᠡᠭᠦᠷᠭᠡ ᠪᠠᠨ ᠲᠤᠲᠤᠷᠬᠠᠶᠢᠯᠠᠵᠤ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠰᠢᠰᠲ᠋ᠧᠮᠲᠦ ᠰᠡᠳᠬᠢᠬᠦᠢ᠂ ᠠᠵᠢᠯ ᠤᠨ ᠲᠤᠬᠢᠷᠠᠭᠤᠯᠤᠯᠳᠠ ᠪᠠᠨ | ᠴᠢᠩᠭᠠᠳᠬᠠᠵᠤ᠂ ᠬᠦᠷᠢᠶ᠎ᠡ ᠬᠤᠪᠢᠶᠠᠨ ᠨᠠᠶᠢᠳᠠᠪᠤᠷᠢᠵᠢᠭᠤᠯᠤᠭᠰᠠᠨ᠂ ᠪᠦᠬᠦᠯᠢ ᠴᠣᠭᠴᠠ ᠪᠠᠷ ᠨᠢ ᠠᠬᠢᠭᠤᠯᠤᠭᠰᠠᠨ | ᠠᠵᠢᠯ ᠤᠨ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠢ︔ ᠳ᠋ᠦᠩᠨᠡᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ | ᠰᠢᠨ᠎ᠡ ᠶᠢ ᠡᠭᠦᠳᠬᠦ ᠠᠷᠭ᠎ᠠ ᠪᠠᠷᠢᠯ ᠪᠠ ᠲᠤᠷᠰᠢᠯᠭ᠎ᠠ ᠪᠠᠨ ᠳ᠋ᠦᠩᠨᠡᠨ ᠪᠣᠯᠪᠠᠰᠤᠷᠠᠭᠤᠯᠵᠤ᠂ ᠠᠵᠢᠯᠯᠠᠬᠤ ᠠᠷᠭ᠎ᠠ ᠪᠠᠨ | ᠰᠠᠶᠢᠵᠢᠷᠠᠭᠤᠯᠵᠤ᠂ ᠠᠷᠭ᠎ᠠ ᠬᠡᠯᠪᠡᠷᠢ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠪᠠ ᠪᠦᠬᠦᠯᠢ ᠴᠣᠭᠴᠠ ᠶᠢᠨ ᠠᠵᠢᠯ ᠤᠨ ᠬᠢᠷᠢ ᠬᠡᠮᠵᠢᠶ᠎ᠡ ᠪᠠᠨ ᠴᠢᠷᠮᠠᠶᠢᠨ ᠲᠡᠭᠡᠭᠰᠢᠯᠡᠬᠦᠯᠬᠦ ᠬᠡᠷᠡᠭᠳᠡᠢ | ᠬᠡᠵᠡᠢ᠃ | ᠺᠣᠷᠢᠶᠠ ᠬᠦᠸᠧ ᠦ᠋ ᠱᠠᠭᠠᠷᠳᠠᠭᠰᠠᠨ ᠨᠢ᠂ ︽ᠲᠠᠪᠤ ᠶᠢ ᠦᠵᠡᠬᠦ︾ ᠪᠠᠷ ᠳᠠᠮᠵᠢᠭᠤᠯᠤᠨ ᠨᠠᠮ ᠤᠨ | ᠪᠠᠶᠢᠭᠤᠯᠤᠯᠲᠠ ᠪᠣᠯᠤᠨ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠲᠠᠷᠣᠢ ᠨᠢᠭᠡ ᠳᠤ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠬᠦ ᠬᠡᠷᠡᠭᠳᠡᠢ︔ ᠬᠤᠶᠠᠷ ᠲᠤ | ᠪᠠᠶᠢᠭᠤᠯᠭ᠎ᠠ ᠶᠢᠨ ᠺᠠᠳ᠋ᠷ ᠤᠨ ᠤᠶᠤᠨ ᠰᠠᠨᠠᠭᠠᠨ ᠤ ᠪᠠᠶᠢᠳᠠᠯ ᠣᠷᠭᠢᠯᠤᠮ᠎ᠠ ᠬᠠᠯᠠᠭᠤᠨ ᠰᠡᠳᠬᠢᠯᠭᠡ ᠢᠳᠡᠪᠭᠢᠳᠡᠢ | ᠥᠭᠡᠳᠡᠷᠬᠡᠭ ᠪᠠᠶᠢᠬᠤ ᠡᠰᠡᠬᠦ ᠶᠢ ᠦᠵᠡᠬᠦ ᠬᠡᠷᠡᠭᠳᠡᠢ︔ ᠭᠤᠷᠪᠠ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠳᠤ ᠰᠢᠨ᠎ᠡ ᠶᠢ ᠡᠭᠦᠳᠦᠭᠰᠡᠨ ᠡᠰᠡᠬᠦ᠂ ᠬᠢᠯᠠᠰ ᠴᠡᠭ ᠪᠠᠶᠢᠬᠤ ᠡᠰᠡᠬᠦ ᠶᠢ ᠦᠵᠡᠬᠦ ᠬᠡᠷᠡᠭᠳᠡᠢ ᠬᠡᠵᠡᠢ︔ | ᠲᠦᠷᠪᠡ ᠳᠤ ᠲᠦᠷᠢᠮ ᠤᠨ ᠪᠠᠶᠢᠭᠤᠯᠤᠯᠲᠠ ᠶᠢᠨ ᠵᠢᠷᠤᠮᠵᠢᠯ ᠲᠠᠢ ᠪᠠᠶᠢᠬᠤ ᠡᠰᠡᠬᠦ᠂ ᠪᠣᠳᠠᠲᠤ ᠪᠠᠶᠢᠳᠠᠯ ᠲᠠᠢ | ᠨᠡᠶᠢᠴᠡᠭᠰᠡᠨ ᠡᠰᠡᠬᠦ ᠶᠢ ᠦᠵᠡᠬᠦ ᠬᠡᠷᠡᠭᠳᠡᠢ︔ ᠲᠠᠪᠤ ᠳᠤ ᠪᠠᠶᠢᠭᠤᠯᠭ᠎ᠠ ᠶᠢᠨ ᠡᠯ᠎ᠡ ᠵᠦᠢᠯ ᠤᠨ ᠲᠤᠬᠠᠶᠢᠯᠠᠭᠰᠠᠨ | ᠠᠵᠢᠯ ᠤᠨ ᠭᠠᠷᠮᠠᠭᠠᠶ ᠠᠮᠵᠢᠯᠲᠠ ᠣᠯᠤᠭᠰᠠᠨ ᠡᠰᠡᠬᠦ ᠶᠢ ᠦᠵᠡᠬᠦ ᠬᠡᠷᠡᠭᠳᠡᠢ ᠬᠡᠵᠡᠢ᠃ |