ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ ᠶᠢᠨ ᠨᠡᠷᠡᠲᠦ ᠲᠡᠮᠳᠡᠭᠲᠦ ᠶᠢᠨ ᠨᠥᠯᠥᠭᠡᠯᠡᠬᠦ | ᠬᠦᠴᠦᠨ ᠪᠠ ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠤᠷᠠᠨ | ᠪᠢᠴᠢᠯᠭᠡ · ᠣᠨ ᠤ ᠦᠵᠡᠭᠦᠯᠦᠯᠭᠡ︾ ᠣᠳᠣ ᠦᠶ᠎ᠡ ᠶᠢᠨ ᠤᠷᠠᠨ ᠪᠢᠴᠢᠯᠭᠡ ᠶᠢᠨ ᠲᠠᠪᠴᠠᠩ ᠤᠨ ᠨᠡᠷᠡᠲᠤ | ᠠᠬᠠᠮᠠᠳ ᠤᠷᠠᠨ ᠪᠢᠴᠢᠯᠭᠡᠲᠡᠨ ᠤ ᠪᠦᠲᠦᠭᠡᠯ ᠤᠨ ᠤᠷᠢᠯᠭ᠎ᠠ ᠶᠢᠨ ᠦᠵᠡᠭᠦᠯᠦᠯᠭᠡ ᠪᠣᠯᠤᠨ ᠠᠷᠪᠠᠨ ᠨᠢᠭᠡᠳᠦᠭᠡᠷ | ᠬᠤᠭᠤᠴᠠᠭᠠᠨ ᠤ ᠬᠠᠲᠤᠨ ᠭᠤᠤᠯ ᠤᠨ ᠬᠡᠷᠡᠯᠲᠤ ᠰᠣᠪᠣᠳ · ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ | ᠨᠠᠶᠢᠷ 23 ᠤ ᠡᠳᠦᠷ ᠮᠠᠨ ᠤ ᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠬᠤ ᠪᠣᠯᠤᠨ᠎ᠠ᠃ | ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠰᠬᠦᠯᠡᠩ︾ ᠪᠣᠯ ᠳᠤᠮᠳᠠᠳᠤ ᠤᠯᠤᠰ ᠤᠨ | ᠤᠷᠠᠨ ᠪᠢᠴᠢᠯᠭᠡ ᠶᠢᠨ ᠯᠠᠨ ᠲᠢᠩ ᠦᠵᠡᠭᠦᠯᠦᠯᠭᠡ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠣᠯᠣᠰ ᠤᠨ | ᠦᠵᠡᠭᠦᠯᠦᠯᠭᠡ ᠶᠢᠨ ᠲᠠᠷᠠᠭᠠᠭᠢ ᠭᠤᠷᠪᠠᠳᠤᠭᠠᠷ ᠲᠦᠷᠦᠯ ᠤᠨ ᠤᠯᠤᠰ ᠤᠨ ᠳᠡᠰ ᠤᠨ ᠤᠷᠠᠨ ᠪᠢᠴᠢᠯᠭᠡ ᠶᠢᠨ | ᠠᠵᠢᠯᠯᠠᠭ᠎ᠠ ᠪᠣᠯᠤᠨ᠎ᠠ᠃ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠣᠳᠣ | ᠦᠶ᠎ᠡ ᠶᠢᠨ ᠤᠷᠠᠨ ᠪᠢᠴᠢᠯᠭᠡ ᠶᠢᠨ ᠲᠠᠪᠴᠠᠩ ᠤᠨ ᠨᠡᠷᠡᠲᠤ ᠠᠬᠠᠮᠠᠳ ᠤᠷᠠᠨ ᠪᠢᠴᠢᠯᠭᠡᠲᠡᠨ ᠤ ᠪᠦᠲᠦᠭᠡᠯ ᠤᠨ | ᠤᠷᠢᠯᠭ᠎ᠠ ᠶᠢᠨ ᠦᠵᠡᠭᠦᠯᠦᠯᠭᠡ ᠪᠣᠯᠤᠨ ᠠᠷᠪᠠᠨ ᠨᠢᠭᠡᠳᠦᠭᠡᠷ ᠬᠤᠭᠤᠴᠠᠭᠠᠨ ᠤ ᠬᠠᠲᠤᠨ ᠭᠤᠤᠯ ᠤᠨ ᠬᠡᠷᠡᠯᠲᠤ | ᠰᠣᠪᠣᠳ · ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠤᠨ ︽ᠭᠤᠤᠯ ᠠᠭᠤᠯᠭ᠎ᠠ︾ ᠪᠤᠯᠤᠭᠰᠠᠨ ᠤ | ᠬᠤᠪᠢ ᠳᠤ᠂ ᠳᠤᠮᠳᠠᠳᠤ ᠤᠯᠤᠰ ᠤᠨ 115 ᠨᠡᠷᠡᠰ ᠠᠬᠠᠮᠠᠳ ᠨᠢᠭᠡ ᠦᠶ᠎ᠡ ᠶᠢᠨ ᠤᠷᠠᠨ ᠪᠢᠴᠢᠯᠭᠡᠲᠡᠨ ᠤ ᠵᠠᠭᠤ | ᠭᠠᠷᠤᠶ ᠣᠷᠠᠨ ᠪᠢᠴᠢᠯᠭᠡ ᠶᠢᠨ ᠰᠣᠳᠣᠨ ᠪᠦᠲᠦᠭᠡᠯ ᠢ ᠤᠷᠢᠯᠭ᠎ᠠ ᠪᠠᠷ ᠳᠡᠯᠭᠡᠨ ᠦᠵᠡᠭᠦᠯᠵᠤ᠂ ᠤᠷᠠᠨ ᠪᠢᠴᠢᠯᠭᠡ ᠶᠢᠨ | ᠨᠠᠷᠠᠲᠤ ᠬᠥᠮᠦᠰ ᠤᠨ ᠤᠷᠠᠯᠢᠭ ᠤᠨ ᠴᠤᠭ ᠵᠢᠪᠬᠤᠭ᠎ᠠ ᠪᠠ ᠵᠣᠬᠢᠶᠠᠨ ᠪᠦᠲᠦᠭᠡᠬᠦ ᠤᠶᠢᠯᠠᠭᠠᠭᠳᠠᠬᠤᠨ ᠢ ᠪᠥᠬᠦ | ᠲᠠᠯ᠎ᠠ ᠪᠠᠷ ᠢᠯᠡᠷᠡᠭᠦᠯᠬᠦ ᠪᠤᠯᠤᠨ᠎ᠠ᠃ ᠡᠳᠡᠭᠡᠷ ᠪᠦᠲᠦᠭᠡᠯ ᠪᠣᠯ ᠣᠳᠣ ᠦᠶ᠎ᠡ ᠶᠢᠨ ᠤᠷᠠᠨ ᠪᠢᠴᠢᠯᠭᠡ ᠶᠢᠨ ᠤᠷᠠᠯᠢᠭ ᠢ | ᠲᠡᠮᠳᠡᠭᠯᠡᠨ ᠰᠤᠳᠤᠯᠳᠠᠭ ᠬᠤᠪᠣᠷ ᠨᠠᠨᠳᠢᠨ ᠲᠤᠯᠭᠤᠷ ᠪᠢᠴᠢᠭ ᠪᠤᠯᠬᠤ ᠤᠴᠢᠷ ᠠᠴᠠ ᠤᠷᠠᠨ ᠪᠢᠴᠢᠯᠭᠡ ᠶᠢᠨ | ᠤᠷᠠᠯᠢᠭ ᠤᠨ ᠨᠠᠶᠢᠷ ᠤᠨ ᠳᠠᠷᠠᠭ᠎ᠠ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ | ᠣᠷᠳᠣᠨ ᠳᠤ ᠥᠨᠢ ᠡᠭᠦᠷᠢᠳᠡ ᠬᠠᠳᠠᠭᠠᠯᠠᠭᠳᠠᠬᠤ ᠪᠤᠯᠤᠨ᠎ᠠ᠃ | ᠲᠣᠰ ᠬᠤᠭᠤᠴᠠᠭᠠᠨ ᠤ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠢ ᠤᠷᠠᠨ ᠪᠢᠴᠢᠯᠭᠡ ᠤᠷᠠᠯᠢᠭ ᠤᠨ | ᠨᠠᠶᠢᠷ ᠤᠨ ᠣᠯᠠᠨ ᠲᠦᠮᠡᠨ ᠤ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠭ᠎ᠠ ᠪᠠ ᠤᠷᠠᠨ ᠪᠢᠴᠢᠯᠭᠡ ᠶᠢᠨ | ᠤᠷᠠᠯᠢᠭ ᠤᠨ ᠨᠠᠶᠢᠷ ᠤᠨ ᠲᠦᠪᠯᠡᠷᠡᠭᠰᠡᠨ ᠰᠢᠷᠢᠰ ᠠᠵᠢᠯᠯᠠᠭ᠎ᠠ ᠭᠡᠵᠦ ᠬᠤᠶᠠᠷ ᠬᠡᠰᠡᠭ ᠬᠤᠪᠢᠶᠠᠳᠠᠭ᠃ ᠳᠤᠮᠳᠠᠳᠤ | ᠤᠯᠤᠰ ᠤᠨ ᠤᠷᠠᠨ ᠪᠢᠴᠢᠯᠭᠡ ᠶᠢᠨ ᠨᠡᠷᠡᠲᠦ ᠬᠥᠮᠦᠰ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠲᠤᠬᠠᠶ ᠶᠢᠨ | ᠲᠠᠯᠠᠪᠠᠶ ᠶᠢᠨ ᠪᠢᠴᠢᠭᠯᠡᠬᠦ᠂ ᠲᠤᠮᠳᠠᠲᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠤᠷᠠᠨ ᠪᠢᠴᠢᠯᠭᠡ ᠶᠢᠨ | ᠨᠡᠶᠢᠲᠡ ᠶᠢᠨ ᠠᠰᠠᠷᠠᠮᠵᠢ ᠶᠢᠨ ᠶᠠᠷᠢᠶᠠᠨ ᠤ ᠲᠠᠪᠴᠠᠩ ᠤᠨ ᠲᠠᠶᠢᠯᠤᠮᠵᠢ᠂ ᠳᠤᠮᠳᠠᠳᠤ ᠤᠯᠤᠰ ᠤᠨ ᠤᠷᠠᠨ | ᠪᠢᠴᠢᠯᠭᠡ ᠶᠢᠨ ᠬᠤᠲᠠ · ᠦᠬᠠᠶ ᠶᠢᠨ ᠪᠦᠲᠦᠭᠡᠨ ᠪᠠᠶᠢᠭᠤᠯᠤᠯᠲᠠ ᠶᠢᠨ ᠲᠡᠤᠬᠡᠨ ᠶᠠᠪᠤᠴᠠ ᠶᠢᠨ ᠦᠵᠡᠭᠦᠯᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠪᠡᠯᠭᠡᠯᠡᠬᠦ ᠤᠷᠠᠨ | ᠪᠢᠴᠢᠯᠭᠡ ᠶᠢᠨ ᠲᠣᠤᠷ ᠰᠦᠯᠵᠢᠶᠡᠨ ᠲᠡᠭᠡᠷᠡᠭᠢ ᠦᠵᠡᠬᠦᠯᠦᠯᠭᠡ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ︾ ᠭᠤᠣᠯ ᠰᠡᠳᠦᠪᠲᠦ ᠤᠷᠠᠨ ᠪᠢᠴᠢᠯᠭᠡ ᠶᠢᠨ ᠭᠡᠷᠡᠯ ᠵᠢᠷᠤᠭ ᠤᠷᠠᠨ | ᠵᠢᠷᠤᠭ ᠤᠨ ᠪᠦᠲᠦᠭᠡᠯ ᠤᠨ ᠦᠵᠡᠬᠦᠯᠦᠯᠭᠡ᠂ ᠤᠳᠤ ᠦᠶ᠎ᠡ ᠶᠢᠨ ᠤᠷᠠᠨ ᠪᠢᠴᠢᠯᠭᠡ ᠶᠢᠨ ᠲᠠᠪᠴᠠᠩ ᠤᠨ ᠨᠡᠷᠡᠲᠤ | ᠠᠬᠠᠮᠠᠳ ᠤᠷᠠᠨ ᠪᠢᠴᠢᠯᠭᠡᠲᠡᠨ ᠤ ︽ᠡᠯᠡᠰᠦᠨ ᠴᠦᠯ ᠳᠤ ᠮᠤᠷᠢᠯᠠᠨ ᠦᠬᠠᠢ ᠨᠠᠭᠤᠷ ᠢ ᠰᠣᠨᠢᠷᠬᠠᠭᠳᠣᠨ︾ ᠬᠡᠬᠦ | ᠵᠤᠬᠢᠶᠠᠨ ᠪᠦᠲᠦᠬᠡᠭᠦ ᠠᠵᠢᠯᠯᠠᠭ᠎ᠠ ᠵᠡᠷᠭᠡ 20 ᠭᠠᠷᠤᠢ ᠵᠦᠢᠯ ᠤᠨ ᠠᠵᠢᠯᠯᠠᠭ᠎ᠠ ᠶᠢ ᠪᠠᠭᠳᠠᠭᠠᠨ᠎ᠠ᠃ | ᠡᠭᠦᠨ ᠠᠴᠠ ᠭᠠᠳᠠᠨ᠎ᠠ᠂ ᠳᠣᠯᠣᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ ᠠᠵᠤ ᠦᠢᠯᠡᠰ ᠤᠨ | ᠦᠵᠡᠭᠦᠯᠦᠯᠭᠡ ᠶᠢᠨ ᠴᠤᠭᠯᠠᠭᠠᠨ 20 ᠤ ᠡᠳᠦᠷ ᠠᠴᠠ ᠵᠢᠩᠬᠢᠨᠢ ᠪᠠᠷ ᠡᠬᠢᠯᠡᠵᠦ᠂ ᠨᠡᠶᠢᠲᠡ 100 ᠭᠠᠷᠤᠶ | ᠦᠵᠡᠭᠦᠯᠦᠯᠭᠡ ᠶᠢᠨ ᠪᠠᠶᠢᠷᠢ ᠭᠠᠷᠭᠠᠵᠤ᠂ ᠪᠢᠴᠢᠭ ᠤᠨ ᠥᠷᠥᠭᠡᠨ ᠤ ᠳᠥᠷᠪᠡᠨ ᠡᠷᠳᠡᠨᠢᠰ ᠤᠨ ᠦᠵᠡᠭᠦᠯᠦᠯᠭᠡ ᠶᠢᠨ | ᠲᠣᠭᠤᠷᠢᠭ᠂ ᠤᠷᠠᠨ ᠪᠢᠴᠢᠯᠭᠡ ᠤᠷᠠᠨ ᠵᠢᠷᠤᠭ ᠤᠨ ᠰᠣᠶᠣᠯ ᠤᠨ ᠡᠭᠦᠳᠦᠯᠲᠡ ᠶᠢᠨ ᠦᠵᠡᠭᠦᠯᠦᠯᠭᠡ ᠶᠢᠨ ᠲᠣᠭᠤᠷᠢᠭ᠂ | ᠤᠯᠠᠮᠵᠢᠯᠠᠯᠲᠤ ᠪᠤᠰᠤ ᠲᠡᠦᠬᠡ ᠶᠢᠨ ᠲᠤᠷᠠᠰᠬᠠᠯᠳᠤ ᠵᠦᠢᠯ ᠡᠷᠳᠡᠨ ᠤ ᠵᠦᠢᠯᠡᠰ ᠤᠨ ᠦᠵᠡᠭᠦᠯᠦᠯᠭᠡ ᠶᠢᠨ ᠲᠣᠭᠤᠷᠢᠭ᠂ | ᠰᠣᠶᠣᠯ ᠲᠠᠸᠠᠷ ᠤᠨ ᠦᠵᠡᠭᠦᠯᠦᠯᠭᠡ ᠶᠢᠨ ᠲᠣᠭᠤᠷᠢᠭ ᠵᠡᠷᠭᠡ 4 ᠦᠵᠡᠭᠦᠯᠦᠯᠭᠡ ᠶᠢᠨ ᠲᠣᠭᠤᠷᠢᠭ ᠬᠤᠪᠢᠶᠠᠵᠤ᠂ | ᠪᠠᠰᠠ ᠦᠨ᠎ᠡ ᠬᠠᠶᠠᠯᠴᠠᠨ ᠬᠤᠳᠠᠯᠳᠤᠬᠤ ᠠᠵᠢᠯᠯᠠᠭ᠎ᠠ᠂ ᠪᠠᠶᠠᠴᠢᠯᠠᠨ ᠣᠶᠢᠯᠠᠭᠠᠬᠤ ᠠᠵᠢᠯᠯᠠᠭ᠎ᠠ᠂ ᠣᠯᠠᠨ ᠵᠦᠢᠯ ᠤᠨ | ᠲᠣᠭᠯᠠᠯᠲᠠ ᠶᠢᠨ ᠠᠵᠢᠯᠯᠠᠭ᠎ᠠ ᠵᠡᠷᠭᠡ 3 ᠲᠣᠮᠣ ᠲᠥᠷᠥᠯ ᠤᠨ ᠠᠵᠢᠯᠯᠠᠭ᠎ᠠ ᠦᠷᠨᠢᠬᠦᠯᠬᠦ ᠪᠤᠯᠤᠨ᠎ᠠ᠃ | ᠮᠠᠨ ᠤ ᠬᠤᠲᠠ ᠶᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠢᠶᠠᠷ ᠪᠦᠬᠦ ᠤᠯᠤᠰ ᠤᠨ | ᠠᠩᠬᠠᠳᠠᠭᠴᠢ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ ᠭᠡᠵᠦ ᠨᠡᠷᠡᠶᠢᠳᠦᠭᠰᠡᠨ ᠠᠴᠠ ᠨᠠᠰᠢ ᠠᠷᠪᠠᠨ | ᠬᠤᠭᠤᠴᠠᠭᠠᠨ ᠤ ᠬᠠᠲᠤᠨ ᠭᠤᠤᠯ ᠤᠨ ᠬᠡᠷᠡᠯᠲᠤ ᠰᠣᠪᠣᠳ · ᠦᠬᠠᠶ ᠤᠷᠠᠨ ᠪᠢᠴᠢᠯᠭᠡ ᠶᠢᠨ ᠤᠷᠠᠯᠢᠭ ᠤᠨ ᠨᠠᠶᠢᠷ᠂ | ᠵᠢᠷᠭᠤᠭᠠᠨ ᠬᠤᠭᠤᠴᠠᠭᠠᠨ ᠤ ᠣᠯᠠᠨ ᠤᠯᠤᠰ ᠤᠨ ᠤᠷᠠᠨ ᠪᠢᠴᠢᠯᠭᠡ ᠶᠢᠨ ᠠᠵᠤ ᠦᠢᠯᠡᠰ ᠤᠨ ᠦᠵᠡᠬᠦᠯᠦᠯᠭᠡ ᠶᠢᠨ | ᠦᠷᠭᠦᠯᠵᠢᠯᠡᠨ ᠡᠷᠬᠢᠯᠡᠵᠤ᠂ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠤᠨ ᠨᠡᠷ᠎ᠡ ᠠᠯᠳᠠᠷ ᠪᠠ ᠨᠥᠯᠥᠭᠡᠯᠡᠬᠦ | ᠬᠦᠴᠦᠨ ᠢ ᠲᠠᠰᠤᠷᠠᠯᠲᠠ ᠥᠬᠡᠶ ᠲᠡᠭᠡᠭᠰᠢᠯᠡᠬᠦᠯᠦᠭᠰᠡᠨ ᠪᠠᠶᠢᠨ᠎ᠠ᠃ ᠡᠨᠡ ᠵᠢᠯ ᠤᠨ ᠤᠷᠠᠨ ᠪᠢᠴᠢᠯᠭᠡ ᠶᠢᠨ | ᠤᠷᠠᠯᠢᠭ ᠤᠨ ᠨᠠᠶᠢᠷ ᠤᠨ ᠬᠤᠭᠤᠴᠠᠭᠠᠨ ᠳᠤ᠂ ᠪᠦᠬᠦ ᠤᠯᠤᠰ ᠤᠨ ᠮᠠᠰᠢ ᠣᠯᠠᠨ ᠤᠷᠠᠨ ᠪᠢᠴᠢᠯᠭᠡ ᠶᠢᠨ | ᠲᠠᠪᠴᠠᠩ ᠤᠨ ᠨᠡᠷᠡᠲᠦ ᠬᠥᠮᠦᠰ᠂ ᠤᠷᠠᠨ ᠪᠢᠴᠢᠯᠭᠡ ᠳᠤ ᠪᠠᠭ᠋ᠠᠳᠠᠢ ᠬᠥᠮᠦᠰ ᠮᠠᠨ ᠤ ᠬᠤᠲᠠ ᠳᠤ ᠳᠠᠬᠢᠨᠲᠠ | ᠴᠤᠭᠯᠠᠷᠠᠵᠤ᠂ ᠡᠨᠡ ᠤᠳᠠᠭᠠᠨ ᠤ ᠴᠢᠨᠠᠷ ᠰᠠᠶᠢᠲᠠᠢ᠂ ᠥᠨᠳᠥᠷ ᠬᠢᠷᠢ ᠲᠦᠪᠰᠢᠨ ᠪᠦᠬᠦᠢ ᠪᠦᠬᠦ ᠤᠯᠤᠰ ᠤᠨ | ᠴᠢᠨᠠᠷᠲᠠᠢ ᠤᠷᠠᠨ ᠪᠢᠴᠢᠯᠭᠡ ᠶᠢᠨ ᠠᠵᠢᠯᠯᠠᠭ᠎ᠠ ᠳᠤ ᠣᠷᠣᠯᠴᠠᠬᠤ ᠪᠣᠯᠤᠨ᠎ᠠ᠃ | |