9 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠠᠳᠤᠨ ᠭᠤᠣᠯ ᠤᠨ ︽几︾ ᠦᠰᠦᠭᠲᠤ | ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ᠃ | ᠬᠤᠷᠠᠯ ᠳᠡᠭᠡᠷ᠎ᠡ᠂ ᠬᠤᠯᠪᠤᠭᠳᠠᠯ ᠪᠦᠬᠦᠢ ᠲᠤᠰᠬᠠᠶ ᠮᠡᠷᠭᠡᠵᠢᠯᠲᠡᠨ ︽ᠬᠠᠳᠤᠨ ᠭᠤᠣᠯ ᠤᠨ ︿几﹀ | ᠦᠰᠦᠭᠲᠤ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ︾ ᠶᠢᠨ ᠭᠤᠤᠯ ᠰᠡᠳᠦᠪ ᠤᠨ | ᠲᠣᠭᠤᠷᠢᠨ ᠳᠤ ᠠᠳᠠᠯᠢ ᠪᠤᠰᠤ ᠬᠠᠷᠠᠭᠠᠰᠤ ᠠᠴᠠ ᠶᠠᠷᠢᠯᠴᠠᠭ᠎ᠠ ᠬᠢᠵᠦ᠂ ᠮᠠᠨ ᠤ ᠬᠤᠲᠠ ᠶᠢᠨ ᠰᠣᠶᠣᠯ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠤᠳᠠᠯ ᠢ ᠠᠳᠬᠤᠨ ᠣᠨᠣᠰᠢᠯᠠᠵᠤ᠂ ᠡᠷᠬᠢᠮ ᠨᠠᠨᠳᠢᠨ ᠰᠠᠨᠠᠯ | ᠰᠠᠨᠠᠭᠤᠯᠭ᠎ᠠ ᠳᠤᠷᠠᠳᠴᠠᠢ᠃ | ᠮᠠᠨ ᠤ ᠬᠤᠲᠠ ᠪᠣᠯ ᠬᠠᠳᠤᠨ ᠭᠤᠤᠯ ᠤᠨ ᠥᠪᠥᠷ ᠮᠣᠩᠭᠤᠯ ᠤᠨ ᠥᠨᠳᠦᠷᠯᠢᠭ ᠲᠤ ᠤᠷᠤᠭᠰᠠᠨ ᠨᠢᠭᠡᠳᠦᠭᠡᠷ | ᠥᠷᠲᠡᠭᠡ ᠪᠤᠯᠤᠨ᠎ᠠ᠂ ᠵᠡᠭᠦᠨ ᠲᠠᠯ᠎ᠠ ᠶᠢᠨ ᠣᠷᠠᠨᠳᠦ᠋ᠰᠢ ᠠᠭᠤᠯᠠ᠂ ᠲᠤᠮᠳᠠ ᠪᠠᠶᠢᠭ᠎ᠠ ᠭᠠᠨᠳᠠᠷᠢ ᠠᠭᠤᠯᠠ᠂ ᠪᠠᠷᠠᠭᠤᠨ | ᠲᠠᠯ᠎ᠠ ᠶᠢᠨ ᠡᠣ ᠬᠣ᠋ ᠱᠠᠨ ᠠᠭᠤᠯᠠᠨ ᠤ ᠲᠤᠮᠳᠠᠭᠤᠷ ᠣᠷᠣᠰᠣᠨ ᠦᠩᠭᠡᠷᠡᠵᠦ᠂ ᠠᠭᠤᠯᠠ ᠤᠰᠤ ᠡᠯᠡᠰᠦ ᠬᠤᠲᠠ ᠬᠡᠬᠦ | ᠲᠦᠷᠪᠡᠨ ᠭᠠᠶᠢᠬᠠᠮᠰᠢᠭ ᠢ ᠬᠠᠮᠲᠤᠪᠡᠷ ᠪᠦᠷᠢᠲᠦᠬᠦᠯᠵᠤ᠂ ᠬᠠᠳᠤᠨ ᠭᠤᠣᠯ ᠤᠨ ᠰᠣᠶᠣᠯ᠂ ᠲᠠᠯ᠎ᠠ ᠨᠤᠲᠤᠭ ᠤᠨ | ᠰᠣᠶᠣᠯ ᠢ ᠬᠠᠷᠢᠯᠴᠠᠨ ᠠᠭᠤᠰᠤᠯᠴᠠᠭᠤᠯᠵᠤ᠂ ᠮᠢᠩ ᠤᠯᠤᠰ ᠤᠨ ᠴᠦᠩᠵᠢ᠂ ᠮᠠ ᠪᠦᠦ ᠳ᠋ᠢᠶᠠᠨ ᠤ ᠪᠠᠭᠤᠷᠢ᠂ ᠴᠢᠨ | ᠤᠯᠤᠰ ᠤᠨ ᠤᠷᠲᠤ ᠴᠠᠭᠠᠨ ᠬᠡᠷᠡᠮ ᠤᠨ ᠪᠠᠭᠤᠷᠢ᠂ ᠣᠷᠠᠨᠳᠦ᠋ᠰᠢ ᠠᠭᠤᠯᠠᠨ ᠤ ᠬᠠᠳᠠᠨ ᠵᠢᠷᠤᠭ᠂ ᠵᠤᠰᠣᠲᠤ ᠶᠢᠨ | ᠭᠤᠤᠯ ᠤᠨ ᠬᠠᠳᠠᠨ ᠵᠢᠷᠤᠭ᠂ ᠮᠠᠮᠪᠠᠷᠠᠰᠠᠩ ᠰᠦᠮ᠎ᠡ ᠵᠡᠷᠭᠡ ᠥᠪᠡᠷᠮᠢᠴᠡ ᠣᠨᠴᠠᠯᠢᠭ ᠪᠦᠬᠦᠢ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠨᠢ ᠬᠠᠳᠤᠨ ᠭᠤᠣᠯ ᠤᠨ ︽几︾ ᠦᠰᠦᠭᠲᠤ ᠲᠤᠬᠤᠢ ᠶᠢᠨ ᠰᠣᠶᠣᠯ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | ᠮᠠᠨ ᠤ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠳᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠣᠯᠣᠰ ᠤᠨ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠡᠶᠡᠯᠡᠭᠦᠯᠵᠦ᠂ ︽ᠬᠠᠳᠤᠨ ᠭᠤᠣᠯ ᠤᠨ ᠦᠯᠢᠭᠡᠷ︾ ᠢ ᠰᠠᠶᠢᠲᠤᠷ ᠶᠠᠷᠢᠵᠤ᠂ ᠲᠡᠦᠬᠡ ᠰᠣᠶᠣᠯ ᠤᠨ | ᠰᠤᠳᠠᠰᠤ ᠶᠢ ᠦᠷᠭᠦᠯᠵᠢᠯᠡᠭᠦᠯᠵᠦ᠂ ᠭᠠᠳᠠᠭᠠᠳᠤ ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠵᠦ᠂ ᠤᠯᠤᠰ ᠤᠨ | ᠬᠠᠳᠤᠨ ᠭᠤᠣᠯ ᠤᠨ ︽几︾ ᠦᠰᠦᠭᠲᠤ ᠲᠤᠬᠤᠢ ᠶᠢᠨ ᠶᠡᠭᠡ ᠬᠤᠲᠠ ᠶᠢ ᠬᠠᠮᠵᠢᠯᠴᠠᠨ ᠬᠦᠭᠵᠢᠬᠦᠯᠬᠦ ᠲᠣᠬᠢᠶᠠᠯ ᠢ | ᠠᠳᠬᠤᠵᠤ᠂ ᠲᠣᠰ ᠪᠡᠶ᠎ᠡ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠲᠠᠪᠤᠨ ᠣᠷᠣᠨ ᠤ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠮᠠᠨ ᠤ ᠬᠤᠲᠠ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢ | ᠡᠷᠡᠰ ᠭᠤᠶᠢᠪᠢᠰᠢ ᠦᠭᠡᠢ ᠠᠬᠢᠭᠤᠯᠬᠤ ᠪᠤᠯᠤᠨ᠎ᠠ᠃ | |