ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠦᠬᠠᠶ ᠳᠤ ᠡᠬᠢᠯᠡᠪᠡ
ᠨᠡᠶᠢᠲᠡᠯᠡᠭᠰᠡᠨ ᠴᠠᠭ᠄
2020/9/23
     9 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ︽ᠬᠠᠲᠤᠨ ᠭᠤᠤᠯ ᠤᠨ ︿几﹀ ᠦᠰᠦᠭᠲᠤ ᠰᠣᠶᠣᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ — ᠬᠠᠲᠤᠨ ᠭᠤᠤᠯ ᠤᠨ ︿几﹀ ᠦᠰᠦᠭᠲᠤ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ︾ ᠦᠪᠡᠳᠡᠭᠰᠢ ᠶᠡᠭᠡ ᠪᠠᠷ ᠶᠠᠪᠤᠭᠳᠠᠪᠠ᠃

     21 ᠤ ᠡᠳᠦᠷ

     9 ᠰᠠᠷ᠎ᠠ ᠶᠢᠨ 21 ᠤ ᠡᠳᠦᠷ᠂ ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠪᠣᠯᠤᠨ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ — ᠬᠠᠲᠤᠨ

ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ

ᠰᠤᠳᠤᠯᠤᠨ ᠶᠠᠷᠢᠯᠴᠠᠬᠤ ᠬᠤᠷᠠᠯ ᠦᠬᠠᠶ ᠳᠤ ᠡᠭᠢᠯᠡᠵᠦ᠂ ᠡᠨᠡ ᠨᠢ ᠣᠶᠢᠯᠠᠭᠠᠯᠲᠠ ᠪᠠᠨ ᠤᠯᠠᠮ ᠨᠢᠭᠡ ᠠᠯᠬᠤᠮ

ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠣᠶᠤᠨ ᠤᠬᠠᠭᠠᠨ ᠢ ᠬᠤᠷᠠᠮᠳᠤᠭᠤᠯᠵᠤ᠂ ᠬᠠᠲᠤᠨ ᠭᠤᠤᠯ ᠤᠨ ︽几︾

ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢᠨ

ᠲᠥᠯᠥᠭᠡ ᠶᠤᠮ᠃

     ᠬᠤᠷᠠᠯ ᠳᠡᠭᠡᠷ᠎ᠡ᠂ ᠮᠠᠨ ᠤ ᠬᠤᠲᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ︽ᠬᠠᠲᠤᠨ

ᠭᠤᠤᠯ ᠤᠨ ︿几﹀ ᠦᠰᠦᠭᠲᠤ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ︾ ᠶᠢᠨ ᠭᠤᠣᠯ

ᠰᠡᠳᠦᠪ ᠤᠳ ᠲᠣᠭᠤᠷᠢᠨ ᠳᠤ᠂ ᠠᠳᠠᠯᠢ ᠪᠤᠰᠤ ᠲᠠᠯ᠎ᠠ ᠠᠴᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃

ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠴᠢᠨᠠᠷ

ᠰᠠᠶᠢᠳᠠᠢ ᠬᠦᠭᠵᠢᠯᠳᠡ ᠳᠤ ᠣᠨᠣᠰᠢᠯᠠᠯᠲᠠ ᠬᠢᠵᠦ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠢ᠃

     22 ᠤᠨ ᠡᠳᠦᠷ

     9 ᠰᠠᠷ᠎ᠠ ᠶᠢᠨ 22 ᠤᠨ ᠡᠳᠦᠷ᠂ ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ

ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ —

ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ

ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠮᠠᠨ ᠤ ᠬᠤᠲᠠ ᠳᠤ ᠡᠬᠢᠯᠡᠪᠡ᠃

     ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ

ᠬᠦᠷᠢᠶᠡᠯᠡᠩ ᠤᠨ ᠡᠷᠳᠡᠮ ᠰᠢᠨᠵᠢᠯᠡᠭᠡᠨ ᠤ ᠬᠡᠯᠲᠡᠰ ᠤᠨ ᠭᠡᠰᠢᠭᠦᠨ᠂ ᠰᠤᠳᠤᠯᠤᠭᠴᠢ᠂ ᠳᠤᠮᠳᠠᠳᠤ ᠤᠯᠤᠰ ᠤᠨ ᠬᠥᠮᠦᠨ

ᠲᠥᠷᠥᠯᠬᠢᠲᠡᠨ ᠤ ᠨᠡᠶᠢᠭᠡᠮᠯᠢᠭ ᠤᠨ ᠳᠠᠷᠤᠭ᠎ᠠ ᠬᠤᠤ ᠱᠢ ᠶᠤᠸᠠᠨ︔ ᠰᠤᠷᠭᠠᠨ ᠬᠥᠮᠦᠵᠢᠯ ᠤᠨ ᠶᠠᠮᠤᠨ ᠤ ᠨᠡᠶᠢᠭᠡᠮ ᠤᠨ

ᠰᠢᠨᠵᠢᠯᠡᠬᠦ ᠤᠬᠠᠭᠠᠨ ᠤ ᠵᠥᠪᠯᠡᠯ ᠤᠨ ᠲᠡᠦᠬᠡ ᠶᠢᠨ ᠤᠬᠠᠭᠠᠨ ᠤ ᠬᠡᠯᠳᠡᠰ ᠤᠨ ᠭᠡᠰᠢᠭᠦᠨ᠂ ᠹᠦᠳᠠᠨ ᠶᠡᠭᠡ

ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠭᠧ ᠵᠢᠶᠠᠨ ᠰᠢᠶᠦ᠋ᠩ︔ ᠳᠤᠮᠳᠠᠳᠤ ᠤᠯᠤᠰ ᠤᠨ

ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠦᠨ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ᠂

ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠵᠠᠩ ᡁᠢ ᠴᠢᠶᠠᠩ︔ ᠲᠥᠷᠥ ᠶᠢᠨ ᠶᠠᠪᠤᠳᠠᠯ ᠤᠨ

ᠬᠤᠷᠢᠶᠠᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠰᠤᠳᠤᠯᠤᠭᠴᠢ᠂ ᠰᠢᠨᠵᠢᠶᠠᠩ ᠶᠡᠭᠡ ᠰᠤᠷᠭᠠᠭᠤᠯᠢ ᠶᠢᠨ

ᠰᠣᠶᠣᠯ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ᠂ ᠤᠯᠤᠰ ᠤᠨ ᠵᠢᠭᠤᠯᠴᠢᠯᠠᠯ ᠤᠨ

ᠲᠣᠪᠴᠢᠶ᠎ᠠ ᠶᠢᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠢᠨᠠᠨ ᠲᠣᠭᠲᠠᠭᠠᠬᠤ ᠵᠥᠪᠯᠡᠯ ᠤᠨ

ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠶᠠᠩ ᠰᠢᠶᠤᠤ ᠳ᠋ᠦᠩ︔ ᠲᠥᠪ ᠤᠨ ᠨᠠᠮ ᠤᠨ

ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠨᠡᠶᠢᠭᠡᠮ ᠪᠠ ᠠᠮᠢ ᠠᠬᠤᠶ ᠶᠢᠨ

ᠪᠣᠯᠪᠠᠰᠤᠨ ᠤ ᠶᠠᠮᠤᠨ ᠤ ᠳᠡᠳ᠋ ᠫᠷᠤᠹᠧᠰᠰᠣᠷ ᠶᠤᠸᠠᠢ ᠯᠢᠶᠠᠩ ᠵᠡᠷᠭᠡ 8 ᠲᠤᠰᠬᠠᠶ ᠮᠡᠷᠭᠡᠵᠢᠯᠲᠡᠨ ᠡᠷᠳᠡᠮᠲᠡᠨ ᠭᠤᠤᠯ

ᠵᠤᠷᠢᠯᠳᠠᠳᠤ ᠶᠠᠷᠢᠶ᠎ᠠ ᠲᠠᠯᠪᠢᠪᠠ᠃

     ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂

ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂

ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠪᠦᠯᠦᠭᠯᠡᠯ᠂ ᠦᠬᠠᠶ ᠬᠤᠲᠠ ᠶᠢᠨ ᠨᠠᠮ ᠤᠨ ᠬᠤᠷᠢᠶ᠎ᠠ ᠶᠢᠨ

ᠤᠬᠠᠭᠤᠯᠬᠤ ᠬᠡᠯᠲᠡᠰ᠂ ᠦᠬᠠᠶ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ

ᠳᠠᠭᠠᠭᠠᠨ ᠡᠷᠭᠢᠯᠡᠪᠡ᠃  

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号