ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/23
     9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠤᠶᠢᠷ᠎ᠠ ᠶᠢᠨ ᠬᠤᠭᠤᠴᠠᠭᠠᠨ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠬᠦ ᠬᠤᠲᠠ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠬᠤᠨᠠᠨ ᠳᠤ ᠰᠢᠨᠵᠢᠯᠡᠨ ᠪᠠᠶᠢᠴᠠᠭᠠᠬᠤ᠂ ᠦᠨᠳᠦᠰᠦᠨ ᠱᠠᠲᠤᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ᠂ ᠰᠢᠨᠵᠢᠯᠡᠬᠦ ᠤᠬᠠᠭᠠᠨᠲᠠᠳ ᠤᠨ ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠬᠦᠴᠦᠷᠬᠡᠭ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠣᠷᠤᠯᠴᠠᠭᠰᠠᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠶᠢᠯᠠᠭᠠᠵᠤ᠂ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠦᠬᠦ ᠲᠠᠯ᠎ᠠ ᠶᠢᠨ ᠰᠡᠳᠬᠢᠬᠦᠢ ᠶᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ᠠᠵᠢᠯ ᠢᠶᠠᠨ ᠪᠦᠬᠦ ᠲᠠᠯ᠎ᠠ ᠳᠤ ᠲᠠᠯᠪᠢᠵᠤ ᠪᠣᠳᠣᠯᠬᠢᠯᠠᠬᠤ᠂ ᠪᠠᠶᠢᠷᠢ ᠲᠣᠭᠲᠠᠭᠠᠬᠤ ᠪᠠ ᠪᠠᠶᠢᠷᠢᠯᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠠᠵᠤ ᠠᠬᠤᠶ ᠶᠢᠨ ᠦᠨᠳᠦᠰᠦᠨ ᠪᠠᠶᠢᠳᠠᠯ ᠢ ᠡᠷᠡᠰ ᠳᠣᠭᠲᠠᠪᠤᠷᠢᠵᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠥᠮᠡᠨ ᠤ ᠳᠡᠷᠭᠡᠳᠡᠬᠢ ᠤᠴᠢᠷ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠨᠢᠭᠡᠳᠦᠯᠲᠡᠶ ᠲᠥᠯᠦᠪᠯᠡᠨ ᠰᠠᠶᠢᠲᠤᠷ ᠠᠳᠬᠤᠬᠤ ᠪᠠ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠢ ᠲᠣᠭᠤᠷᠢᠨ ᠪᠠᠶᠢᠴᠠᠭᠠᠬᠤ ᠠᠵᠢᠯ ᠳᠤ ᠨᠠᠷᠢᠨ ᠬᠢᠨᠠᠮᠠᠭᠠᠢ ᠬᠠᠮᠵᠢᠯᠴᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠪᠣᠳᠠᠲᠤ ᠦᠷ᠎ᠡ ᠪᠦᠲᠦᠮᠵᠢ ᠪᠠᠷ ᠰᠠᠶᠢᠨ ᠰᠠᠶᠢᠬᠠᠨ ᠤᠯᠤᠰ ᠲᠥᠷᠦ ᠶᠢᠨ ᠠᠮᠢ ᠠᠬᠤᠶ ᠪᠠ ᠨᠡᠶᠢᠭᠡᠮ ᠤᠨ ᠠᠮᠢ ᠠᠬᠤᠶ ᠶᠢ ᠪᠦᠷᠢᠯᠳᠦᠭᠦᠯᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ      ᠬᠤᠷᠠᠯ ᠠᠴᠠ ᠪᠥᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠪᠣᠯᠤᠨ᠎ᠠ᠃ ᠦᠵᠡᠯ ᠰᠠᠨᠠᠭ᠎ᠠ ᠤᠯᠤᠰ ᠲᠥᠷᠥ ᠣᠨᠣᠯ ᠤᠨ ᠬᠢᠴᠢᠶᠡᠯ ᠤᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠴᠢᠩᠭᠠᠳᠬᠠᠵᠤ᠂ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠪᠠ ︽ᠭᠤᠷᠪᠠᠨ ᠰᠠᠯᠵᠤ ᠪᠣᠯᠤᠰᠢ ᠥᠬᠡᠶ︾ ︽ᠲᠠᠪᠤᠨ ᠬᠠᠮᠲᠤ ᠶᠢᠨ ᠲᠠᠨᠢᠯᠲᠠ︾ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠡᠨᠡ ᠵᠢᠯ ᠤᠨ ᠪᠦᠬᠦ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠤᠯᠤᠰ ᠲᠥᠷᠥ ᠶᠢᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠠᠷᠠᠯᠲᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠲᠦᠷᠢᠮ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠢᠯᠵᠠᠷᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠤᠰ ᠬᠤᠭᠤᠴᠠᠭᠠᠨ ᠤ ᠨᠠᠮ ᠤᠨ ᠬᠤᠷᠢᠶᠠᠨ ᠤ ᠲᠤᠰᠢᠶᠠᠯ ᠤᠨ ᠬᠤᠭᠤᠴᠠᠭᠠᠨ ᠳᠤ ᠴᠠᠭᠳᠠᠨ ᠪᠠᠶᠢᠴᠠᠭᠠᠬᠤ ᠶᠢ ᠪᠥᠬᠦ ᠲᠠᠯ᠎ᠠ ᠪᠠᠷ ᠪᠦᠷᠬᠦᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠺᠣᠮᠢᠰ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠪᠠᠨ ᠲᠥᠪᠯᠡᠷᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠠᠶᠢᠭᠤᠯᠭ᠎ᠠ ᠶᠢᠨ ᠤᠯᠤᠰ ᠲᠦᠷᠦ ᠶᠢᠨ ᠠᠮᠢ ᠠᠬᠤᠶ ᠶᠢ ᠴᠡᠪᠡᠷᠰᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠪᠠᠶᠢᠩᠭᠤ ᠶᠢᠨ ᠬᠤᠷᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠤᠯᠤᠰ ᠲᠥᠷᠥ ᠶᠢᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠡᠮᠬᠢ ᠴᠡᠭᠴᠡ ᠲᠠᠢ ᠥᠷᠨᠢᠬᠦ ᠶᠢ ᠠᠬᠢᠭᠤᠯᠬᠤ ᠬᠡᠷᠡᠭᠲᠡᠢ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠤᠰ ᠵᠢᠯ ᠤᠨ ᠭᠤᠤᠯᠳᠠᠯᠭ᠎ᠠ ᠲᠠᠢ ᠠᠵᠢᠯ ᠢᠶᠠᠨ ᠨᠠᠷᠢᠯᠢᠭ ᠪᠣᠳᠠᠲᠠᠶ ᠠᠳᠬᠤᠬᠤ ᠶᠢᠨ ᠬᠠᠮᠲᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠤᠰ ᠵᠢᠯ ᠤᠨ ᠠᠵᠢᠯ ᠤᠨ ᠭᠤᠤᠯᠳᠠᠯᠭ᠎ᠠ ᠲᠠᠢ ᠬᠠᠷᠢᠴᠠᠭᠤᠯᠵᠤ᠂ ᠴᠠᠭ ᠬᠤᠭᠤᠴᠠᠭᠠᠨ ᠤ ᠳᠡᠰ ᠳᠠᠷᠠᠭᠠᠯᠠᠯ ᠤᠨ ᠠᠬᠢᠴᠠ ᠶᠢ ᠡᠵᠡᠮᠳᠡᠵᠦ᠂ ᠴᠠᠭ ᠲᠤᠬᠠᠶ ᠳᠤᠨᠢ ᠣᠷᠬᠢᠭᠳᠠᠯ ᠢ ᠪᠠᠶᠢᠴᠠᠭᠠᠨ ᠨᠥᠬᠦᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ  ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号