ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ ᠪᠥᠬᠦ ᠤᠯᠤᠰ ᠤᠨ ᠠᠩᠬᠠᠳᠠᠭᠴᠢ ᠪᠦᠯᠦᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠠᠯᠤᠰ ᠡᠵᠡᠮᠰᠢᠯᠲᠦ ᠬᠠᠮᠵᠢᠯᠴᠠᠭᠠᠨ ᠤ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ ᠪᠠᠶᠢᠭᠤᠯᠤᠮᠵᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2020/9/24
     ᠣᠶᠢᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠠᠩᠬᠠᠳᠠᠭᠴᠢ ᠪᠦᠯᠦᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠠᠯᠤᠰ ᠡᠵᠡᠮᠰᠢᠯᠲᠦ ᠬᠠᠮᠵᠢᠯᠴᠠᠭᠠᠨ ᠤ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ ᠪᠠᠶᠢᠭᠤᠯᠤᠮᠵᠢ ᠶᠢ ᠲᠣᠭᠲᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠠᠩᠬᠠᠳᠠᠭᠴᠢ ᠪᠦᠯᠦᠭ ᠤᠨ ᠨᠠᠰᠤᠲᠠᠶᠢᠴᠤᠳ ᠤᠨ ᠡᠷᠡᠭᠦᠯ ᠮᠡᠨᠳᠦ  ᠶᠢᠨ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠠᠯᠤᠰ ᠡᠵᠡᠮᠰᠢᠯᠲᠦ ᠬᠠᠮᠵᠢᠯᠴᠠᠭᠠᠨ ᠤ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ 174 ᠪᠠᠶᠢᠭᠤᠯᠤᠮᠵᠢ ᠶᠢᠨ ᠨᠡᠷᠡᠰ ᠢ ᠨᠡᠶᠢᠲᠡᠯᠡᠪᠡ᠃ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ ︵ᠡᠮᠴᠢᠯᠡᠭᠡᠨ ᠤ ᠠᠰᠠᠷᠠᠮᠵᠢ ᠶᠢᠨ ᠬᠦᠷᠢᠶᠡᠯᠡᠩ︶ ᠨᠢ ᠥᠪᠡᠷᠲᠡᠭᠡᠨ ᠵᠠᠰᠠᠬᠤ ᠣᠷᠣᠨ ᠤ ᠰᠣᠩᠭᠤᠭᠳᠠᠭᠰᠠᠨ 6 ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠪᠠᠶᠢᠭᠤᠯᠤᠮᠵᠢ ᠶᠢᠨ ᠨᠢᠭᠡ ᠪᠣᠯᠵᠠᠶ᠃      ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ ᠠᠯᠤᠰ ᠠᠴᠠ ᠬᠠᠮᠵᠢᠯᠴᠠᠬᠤ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠣᠷᠣᠵᠤ ᠰᠠᠭᠤᠭᠰᠠᠨ ᠨᠠᠰᠤᠲᠠᠶᠢᠴᠤᠳ ᠲᠤ ᠠᠯᠤᠰ ᠡᠵᠡᠮᠰᠢᠯᠲᠦ ᠡᠮᠴᠢᠯᠡᠭᠡ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠣᠯᠳᠠ᠂ ᠳᠠᠬᠢᠨ ᠣᠨᠣᠰᠢᠯᠠᠵᠤ ᠡᠮ ᠬᠦᠷᠭᠡᠬᠦ᠂ ᠬᠠᠷᠠᠭᠠᠯᠵᠠᠨ ᠰᠤᠪᠢᠯᠠᠬᠤ ᠵᠢᠯᠣᠭᠤᠳᠣᠯᠭ᠎ᠠ᠂ ᠠᠵᠢᠯᠲᠠᠨ ᠤ ᠪᠤᠯᠪᠠᠰᠣᠷᠠᠭᠤᠯᠤᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠵᠡᠷᠭᠡ ᠠᠯᠤᠰ ᠡᠵᠡᠮᠰᠢᠯᠲᠦ ᠬᠠᠮᠵᠢᠯᠴᠠᠭᠠᠨ ᠤ ᠦᠢᠯᠡᠴᠢᠯᠡᠭᠡ ᠬᠠᠩᠭᠠᠵᠤ᠂ ᠮᠠᠨ ᠤ ᠬᠤᠲᠠ ᠶᠢᠨ ᠡᠮᠴᠢᠯᠡᠭᠡ ᠠᠰᠠᠷᠠᠮᠵᠢ ᠶᠢ ᠤᠶᠠᠯᠳᠤᠭᠤᠯᠬᠤ ᠠᠵᠢᠯ ᠤᠨ ᠬᠥᠭᠵᠢᠯᠲᠡ ᠶᠢ ᠠᠬᠢᠭᠤᠯᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号