ᠮᠠᠨ ᠤ ᠬᠤᠲᠠ ᠨᠢᠭᠡᠨᠲᠡ 25 ᠬᠤᠲᠠ ᠶᠢᠨ ᠲᠡᠰ ᠤᠨ ᠭᠡᠷ ᠪᠦᠯᠢ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠪᠠ
ᠨᠡᠶᠢᠲᠡᠯᠡᠭᠰᠡᠨ ᠴᠠᠭ᠄
2020/9/24
     ᠣᠶᠢᠷ᠎ᠠ ᠳᠤ᠂ ᠬᠤᠲᠠ᠂ ᠲᠣᠭᠤᠷᠢᠭ ᠬᠤᠶᠠᠷ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠳᠠ ᠲᠣᠭᠤᠷᠢᠭ ᠤᠨ ᠱᠧᠩ ᠯᠢ ᠨᠡᠶᠢᠭᠡᠮ ᠲᠣᠭᠤᠷᠢᠭ ᠲᠤ ︽ᠦᠬᠠᠶ ᠬᠤᠲᠠ ᠶᠢᠨ ᠬᠡᠷ ᠪᠦᠯᠢ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠫᠠᠶᠢᠰᠠ ᠡᠯᠭᠦᠬᠦ ᠶᠣᠰᠣᠯᠠᠯ ᠵᠢᠴᠢ ᠬᠡᠷ ᠪᠦᠯᠢ ᠶᠢᠨ ᠰᠤᠷᠭᠠᠨ ᠬᠥᠮᠦᠵᠢᠯ ᠤᠨ ᠲᠠᠶᠢᠯᠤᠮᠵᠢ — ᠤᠳᠠ ᠲᠣᠭᠤᠷᠢᠭ ᠤᠨ ᠲᠤᠰᠬᠠᠶ ᠲᠠᠯᠠᠪᠠᠶ︾ ᠶᠢᠨ ᠠᠵᠢᠯᠯᠠᠭ᠎ᠠ ᠡᠷᠭᠢᠯᠡᠵᠦ᠂ ᠲᠤᠬᠠᠶ ᠶᠢᠨ ᠲᠠᠯᠠᠪᠠᠶ ᠳᠤ ᠣᠳᠠ ᠲᠤᠭᠤᠷᠢᠭ ᠤᠨ ᠱᠧᠩ ᠯᠢ ᠨᠡᠶᠢᠭᠡᠮ ᠲᠣᠭᠤᠷᠢᠭ ᠲᠤ ︽ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ ᠫᠠᠶᠢᠰᠠ ᠣᠯᠭᠤᠵᠤ᠂ ᠡᠬᠦᠨ ᠤ ᠲᠠᠭᠠᠣ ᠳᠤ ᠪᠠᠰᠠ ᠬᠤᠲᠠ ᠶᠢᠨ ᠲᠠᠰ ᠤᠨ ᠬᠡᠷ ᠪᠦᠯᠢ ᠶᠢᠨ ᠬᠥᠮᠦᠵᠢᠯ ᠤᠨ 3 ᠭᠤᠤᠯᠯᠠᠭᠴᠢ ᠪᠠᠭᠰᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠣᠲᠣ ᠪᠣᠯᠲᠠᠯ᠎ᠠ᠂ ᠮᠠᠨ ᠤ ᠬᠤᠲᠠ ᠨᠢᠭᠡᠨᠲᠡ ᠬᠤᠲᠠ ᠶᠢᠨ ᠲᠠᠰ ᠤᠨ ᠬᠡᠷ ᠪᠦᠯᠢ ᠶᠢᠨ ᠬᠥᠮᠦᠵᠢᠯ ᠤᠨ ᠵᠢᠱᠢᠶ᠎ᠡ ᠦᠵᠡᠭᠦᠯᠬᠦ 25 ᠰᠠᠭᠤᠷᠢᠨ ᠭᠠᠵᠠᠷ ᠢ ᠡᠭᠦᠳᠦᠨ ᠪᠠᠶᠢᠭᠤᠯᠪᠠ᠃      ᠭᠡᠷ ᠪᠦᠯᠢ ᠶᠢᠨ ᠬᠥᠮᠦᠵᠢᠯ ᠤᠨ ᠬᠡᠦᠬᠡᠳ ᠤᠨ ᠦᠰᠦᠨ ᠪᠤᠶᠢᠵᠢᠬᠤ ᠳᠤᠮᠳᠠᠬᠢ ᠴᠢᠬᠤᠯᠠ ᠰᠠᠭᠤᠷᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠭᠡᠷ ᠤᠨ ᠠᠬᠠᠮᠠᠳ ᠢ ᠬᠠᠪᠰᠤᠷᠤᠨ ᠵᠥᠪ ᠦᠵᠡᠯ ᠰᠠᠨᠠᠭ᠎ᠠ᠂ ᠵᠥᠪ ᠠᠷᠭ᠎ᠠ ᠪᠠᠷ ᠬᠡᠦᠬᠡᠳ ᠢ ᠰᠤᠷᠭᠠᠨ ᠬᠥᠮᠦᠵᠢᠭᠦᠯᠵᠦ᠂ ᠠᠵᠢᠯᠯᠠᠭ᠎ᠠ ᠨᠢ ᠪᠠᠰᠠ ︽ᠰᠠᠶᠢᠨ ᠭᠡᠷ ᠤᠨ ᠰᠤᠷᠲᠠᠯ ᠰᠠᠶᠢᠨ ᠬᠥᠮᠦᠨ ᠤ ᠠᠮᠢᠳᠤᠷᠠᠯ ᠢ ᠪᠦᠲᠦᠭᠡᠬᠦ︾ ᠪᠠᠷ ᠭᠤᠤᠯ ᠰᠡᠳᠦᠪ ᠪᠣᠯᠭᠠᠭᠰᠠᠨ ᠲᠤᠰᠬᠠᠶ ᠰᠡᠳᠦᠪᠲᠦ ᠲᠠᠶᠢᠯᠤᠮᠵᠢ ᠶᠢ ᠡᠷᠬᠢᠯᠡᠵᠦ᠂ ᠥᠷᠭᠡᠨ ᠣᠯᠠᠨ ᠭᠡᠷ ᠪᠦᠯᠢ᠂ ᠡᠮᠡᠭᠳᠡᠶᠢᠴᠤᠳ ᠨᠡᠶᠢᠭᠡᠮ᠂ ᠭᠡᠷ ᠪᠦᠯᠢ ᠶᠢᠨ ᠬᠠᠷᠢᠭᠤᠴᠠᠯᠭ᠎ᠠ ᠶᠢ ᠨᠠᠩ ᠰᠠᠶᠢᠲᠤᠷ ᠡᠭᠦᠷᠭᠡᠯᠡᠭᠦᠯᠵᠦ᠂ ᠭᠡᠷ ᠤᠨ ᠰᠤᠷᠭᠠᠯ ᠢ ᠤᠯᠠᠮᠵᠢᠯᠠᠬᠤ᠂ ᠭᠡᠷ ᠤᠨ ᠶᠣᠰᠣ ᠶᠢ ᠲᠣᠭᠲᠠᠭᠠᠬᠤ᠂ ᠭᠡᠷ ᠤᠨ ᠰᠤᠷᠲᠠᠯ ᠢ ᠪᠠᠳᠠᠷᠠᠭᠤᠯᠬᠤ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠵᠢᠱᠢᠶᠡᠴᠢ ᠦᠢᠯᠡ ᠠᠵᠢᠯᠯᠠᠭ᠎ᠠ ᠪᠠᠷ ᠬᠡᠤᠬᠡᠳ ᠢ ᠨᠥᠯᠥᠭᠡᠯᠡᠵᠦ᠂ ᠭᠡᠷ ᠤᠨ ᠬᠥᠮᠦᠰ ᠢ ᠳᠠᠶᠢᠴᠢᠯᠠᠨ᠂ ᠨᠡᠶᠢᠭᠡᠮ ᠢ ᠨᠥᠯᠥᠭᠡᠯᠡᠬᠦ ᠬᠡᠷᠡᠭᠲᠡᠶ ᠬᠡᠵᠦ ᠵᠣᠷᠢᠭᠵᠢᠭᠤᠯᠤᠨ ᠬᠥᠲᠥᠯᠥᠨ ᠵᠢᠯᠣᠭᠤᠳᠪᠡ᠃      ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ᠂ ᠳᠠᠶᠢᠴᠢᠯᠠᠬᠤ ᠪᠠ ᠨᠥᠯᠥᠭᠡᠯᠡᠬᠦ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠶᠡᠷᠦᠩᠬᠡᠶᠢᠯᠡᠨ ᠵᠢᠯᠣᠭᠤᠳᠴᠤ᠂ ᠪᠠᠶᠠᠯᠢᠭ ᠰᠠᠶᠢᠬᠠᠨ ᠭᠡᠷ ᠤᠨ ᠬᠥᠮᠦᠵᠢᠯ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠰᠠᠶᠢᠬᠠᠨ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠰᠢᠯᠢᠳᠡᠭ ᠭᠡᠷ ᠤᠨ ᠰᠤᠷᠲᠠᠯ ᠢ ᠪᠠᠳᠠᠷᠠᠭᠤᠯᠵᠤ᠂ ᠨᠡᠶᠢᠭᠡᠮ ᠤᠨ ᠪᠣᠯᠪᠠᠰᠤᠨ ᠤ ᠬᠥᠭᠵᠢᠯᠲᠡ ᠶᠢ ᠠᠬᠢᠭᠤᠯᠬᠤ ᠪᠤᠯᠤᠨ᠎ᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号