ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/9/24
     9 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ — ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠮᠠᠨ ᠤ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠤᠲᠠ ᠶᠢᠨ ᠳᠡᠳ᠋ ᠳᠠᠷᠤᠭ᠎ᠠ ᠡᠤ ᠶᠧ ᠸᠧᠨ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠡᠯ᠎ᠡ ᠲᠤᠰᠬᠠᠶ ᠮᠡᠷᠭᠡᠵᠢᠯᠲᠡᠨ ᠡᠷᠳᠡᠮᠲᠡᠳ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ ᠠᠳᠠᠯᠢ ᠪᠤᠰᠤ ᠬᠠᠷᠠᠭᠠᠰᠤ ᠠᠴᠠ ᠭᠤᠶᠢᠳᠠ ᠰᠠᠶᠢᠬᠠᠨ ᠶᠠᠷᠢᠶ᠎ᠠ ᠲᠠᠯᠪᠢᠭᠰᠠᠨ ᠪᠥᠭᠡᠳ ᠮᠠᠰᠢ ᠤᠯᠠᠨ ᠪᠦᠲᠦᠭᠡᠯᠴᠢ ᠴᠢᠨᠠᠷᠳᠠᠢ ᠰᠠᠨᠠᠯ ᠰᠠᠨᠠᠭᠤᠯᠭ᠎ᠠ ᠳᠤᠷᠠᠳᠴᠠᠶ᠃      ᠵᠧᠩ ᠳ᠋ᠦᠩ ᠪᠥᠸᠧ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠬᠥᠭᠵᠢᠯᠲᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠡᠯᠪᠡᠭ ᠪᠠᠶᠠᠯᠢᠭ ᠦᠵᠡᠯ ᠰᠠᠨᠠᠭᠠᠨ ᠤ ᠠᠭᠤᠯᠤᠭᠳᠠᠬᠤᠨ ᠪᠠ ᠢᠯᠡ ᠲᠣᠳᠣ ᠴᠠᠭ ᠦᠶ᠎ᠡ ᠶᠢᠨ ᠠᠴᠢ ᠬᠤᠯᠪᠣᠭᠳᠠᠯ ᠲᠠᠢ ᠪᠠᠶᠢᠵᠦ᠂ ᠣᠳᠣᠬᠠᠨ ᠤ ᠴᠢᠨᠠᠭᠰᠢᠯᠠᠪᠠᠯ ᠬᠤᠶᠢᠰᠢᠳᠠ ᠶᠢᠨ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠤᠨ᠎ᠠ᠃ ᠬᠠᠲᠤᠨ ᠭᠤᠤᠯ ᠤᠨ ︽几︾ ᠦᠰᠦᠭᠲᠦ ᠲᠤᠬᠤᠢ ᠨᠢ ᠬᠠᠲᠤᠨ ᠭᠤᠤᠯ ᠤᠨ ᠭᠤᠤᠯ ᠬᠡᠰᠡᠭ ᠪᠠ ᠭᠤᠤᠯ ᠨᠢᠷᠤᠭᠤ ᠪᠣᠯᠤᠭᠰᠠᠨ ᠤ ᠬᠤᠪᠢ ᠳᠤ᠂ ᠬᠠᠲᠤᠨ ᠭᠤᠤᠯ ᠤᠨ ᠰᠠᠪᠠ ᠭᠠᠵᠠᠷ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠭᠤᠤᠯ ᠣᠷᠣᠨ ᠪᠦᠰᠡ ᠪᠣᠯᠤᠨ᠎ᠠ᠃ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠬᠦᠭᠵᠢᠯᠳᠡ ᠶᠢᠨ ᠲᠤᠬᠠᠶ ᠴᠢᠬᠤᠯᠠ ᠠᠷᠭ᠎ᠠ ᠪᠠᠷᠢᠯ ᠪᠤᠯᠬᠤ ᠪᠦᠭᠡᠳ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠪᠠ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠶᠤᠮ ᠬᠡᠵᠡᠢ᠃      ᠵᠧᠩ ᠳ᠋ᠦᠩ ᠪᠥᠸᠧ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠮᠠᠨ ᠤ ᠣᠯᠣᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠵᠤ᠂ ᠠᠷᠠᠳ ᠲᠦᠮᠡᠨ ᠤ ᠠᠵᠠ ᠵᠢᠷᠭᠠᠯ ᠤᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ︔ ᠭᠤᠤᠯᠳᠠᠯᠭ᠎ᠠ ᠪᠠᠨ ᠲᠣᠪᠤᠶᠢᠯᠭᠠᠨ᠂ ᠵᠠᠩᠭᠢᠯᠠᠭ᠎ᠠ ᠶᠢ ᠠᠳᠬᠤᠵᠤ᠂ ᠰᠣᠶᠣᠯ ᠢ ᠬᠠᠮᠠᠭᠠᠯᠠᠬᠤ ᠳᠡᠭᠡᠷ᠎ᠡ ᠬᠦᠴᠦ ᠣᠷᠣᠭᠤᠯᠵᠤ᠂ ᠵᠢᠭᠤᠯᠴᠢᠯᠠᠯ ᠢ ᠬᠥᠭᠵᠢᠭᠦᠯᠬᠦ ᠳᠡᠭᠡᠷ᠎ᠡ ᠬᠦᠴᠦ ᠣᠷᠣᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠡᠭᠡᠷ᠎ᠡ ᠬᠦᠴᠦ ᠲᠠᠯᠪᠢᠵᠤ᠂ ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠳᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠳᠡᠢ︔ ᠪᠠᠲᠤᠯᠠᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠬᠤ᠂ ᠲᠡᠳᠬᠦᠨ ᠳᠡᠮᠵᠢᠬᠦ ᠪᠠᠨ ᠴᠢᠩᠭᠠᠳᠬᠠᠨ ᠬᠥᠭᠵᠢᠯᠲᠡ ᠶᠢ ᠠᠳᠬᠤᠬᠤ ᠪᠠᠨ ᠴᠢᠩᠭᠠᠳᠬᠠᠵᠤ᠂ ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠳᠡᠢ︔ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ᠂ ᠦᠵᠡᠯ ᠰᠠᠨᠠᠭ᠎ᠠ ᠪᠠᠨ ᠴᠢᠯᠥᠭᠡᠯᠡᠵᠦ ᠠᠵᠠ ᠲᠣᠬᠢᠶᠠᠯ ᠢ ᠠᠳᠬᠤᠵᠤ ᠦᠨᠡᠨ ᠪᠣᠳᠠᠲᠠᠶ ᠠᠵᠢᠯᠯᠠᠵᠤ᠂ ᠰᠢᠨ᠎ᠡ ᠴᠠᠭ ᠦᠶ᠎ᠡ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠣᠭᠲᠣᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号